300 ᠭᠠᠷᠤᠢ ᠠᠵᠢᠯᠯᠠᠭ᠎ᠠ ᠪᠠᠷ ᠲᠠᠪᠤᠨ ᠰᠠᠷ᠎ᠠ ᠶᠢᠨ ᠨᠢᠭᠡᠨ ᠢ ᠤᠭᠲᠤᠨ᠎ᠠ
ᠨᠡᠶᠢᠲᠡᠯᠡᠭᠰᠡᠨ ᠴᠠᠭ᠄
2024/4/25
     ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢ ᠲᠣᠬᠢᠶᠠᠯᠳᠤᠭᠤᠯᠤᠨ ᠮᠠᠨ ᠤ ᠣᠷᠣᠨ 300 ᠭᠠᠷᠤᠢ ᠵᠦᠢᠯ ᠤᠨ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ ᠪᠠᠷ ᠪᠣᠯᠪᠠ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠬᠠᠪᠤᠷ ᠤᠨ ᠤᠯᠠᠷᠢᠯ ᠤᠨ ᠠᠯᠠᠱᠠ ᠶᠢᠨ ᠪᠠᠭᠠᠲᠤᠳ ᠤᠨ ᠴᠤᠭᠯᠠᠭᠠᠨ᠂ ᠦᠬᠠᠢ ᠶᠢᠨ ᠮᠣᠷᠢᠨ ᠵᠢᠩ ᠤᠨ ᠴᠤᠭᠯᠠᠭᠠᠨ᠂ ᠰᠢᠯᠢ ᠶᠢᠨ ᠭᠤᠣᠯ ᠠᠶᠢᠮᠠᠭ ᠤᠨ︽ᠵᠢᠭᠠᠬᠠᠨ ᠭᠦᠯᠦᠭ︾ ᠮᠣᠷᠢᠨ ᠤᠷᠤᠯᠳᠤᠭᠠᠨ ᠤ ᠴᠤᠭᠯᠠᠭᠠᠨ ᠵᠡᠷᠭᠡ ᠤᠷᠤᠯᠳᠤᠭᠠᠨ᠂ ᠤᠯᠠᠭᠠᠨᠬᠠᠳᠠ ᠶᠢᠨ ᠳᠤᠮᠳᠠᠳᠤ ᠶᠢᠨ ᠵᠢᠷᠠᠭᠠᠬᠠᠢ ᠨᠡᠭᠦᠳᠡᠯ ᠤᠨ ᠨᠠᠶᠢᠷ᠂ ᠭᠦᠭᠡᠬᠤᠲᠠ ᠶᠢᠨ ᠬᠡᠭᠡᠷ᠎ᠡ ᠪᠠᠭᠤᠳᠠᠯᠯᠠᠬᠤ ᠨᠠᠶᠢᠷ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠵᠢᠴᠢ ᠵᠠᠯᠠᠨ ᠠᠶᠢᠯ ᠤᠨ ᠬᠤᠷᠴᠠ ᠤᠯᠠᠭᠠᠨ ᠴᠡᠴᠡᠭ ᠤᠨ ᠨᠠᠶᠢᠷ᠂ ᠲᠦᠩᠯᠢᠶᠣᠣ ᠶᠢᠨ ᠭᠤᠣᠯᠲᠤ ᠪᠣᠷᠣ ᠴᠡᠴᠡᠭ ᠤᠨ ᠨᠠᠶᠢᠷ ᠵᠡᠷᠭᠡ ᠠᠵᠢᠯᠯᠠᠭ᠎ᠠ ᠥᠷᠨᠢᠭᠦᠯᠬᠦ ᠪᠠᠷ ᠪᠤᠶ᠃      ᠵᠢᠭᠤᠯᠴᠢᠯᠠᠯ ᠤᠨ ᠲᠠᠪᠴᠠᠩ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠠᠭᠠᠨᠬᠠᠳᠠ ᠬᠤᠲᠠ᠂ ᠬᠥᠯᠥᠨ ᠪᠤᠶᠢᠷ ᠬᠤᠲᠠ ᠨᠢ ᠵᠢᠭᠤᠯᠴᠢᠯᠠᠯ ᠤᠨ ᠬᠦᠷᠢᠶᠡᠯᠡᠯ ᠲᠠᠢ ᠭᠠᠵᠠᠷ ᠪᠣᠯᠵᠤ᠂ ᠪᠦᠷᠢᠶ᠎ᠡ ᠮᠠᠩᠬ᠎ᠠ᠂ ᠤᠯᠠᠭᠠᠨᠬᠠᠳᠠ  ᠶᠢᠨ ᠭᠠᠯᠲᠤ ᠠᠭᠤᠯᠠ ᠵᠡᠷᠭᠡ ᠦᠵᠡᠮᠵᠢ ᠶᠢᠨ ᠣᠷᠣᠨ ᠤ  ᠬᠤᠯᠪᠣᠭᠳᠠᠯ ᠪᠦᠬᠦᠢ ᠠᠮᠠᠷᠠᠯᠲᠠ ᠶᠢᠨ ᠪᠦᠲᠦᠭᠡᠭᠳᠡᠬᠦᠨ ᠢ ᠨᠢᠭᠡᠨᠲᠡ ᠬᠤᠳᠠᠯᠳᠤᠵᠤ ᠳᠠᠭᠤᠰᠴᠠᠢ᠃      ᠡᠭᠦᠨ ᠤ ᠵᠡᠷᠭᠡ ᠳᠤ᠂ ᠮᠠᠨ ᠤ ᠣᠷᠣᠨ ᠪᠠᠰᠠ ᠳᠤᠮᠳᠠᠳᠤ ᠣᠷᠣᠰ ᠮᠣᠩᠭᠤᠯ ᠤᠨ︽ᠲᠦᠮᠡᠨ ᠭᠠᠵᠠᠷ ᠤᠨ ᠴᠠᠢ ᠶᠢᠨ ᠵᠠᠮ︾ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠮ ᠱᠤᠭᠤᠮ᠂︽ᠮᠢᠩᠭᠠᠨ ᠲᠡᠷᠭᠡ ᠲᠦᠮᠡᠨ ᠬᠥᠮᠥᠨ︾ ᠤ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠳᠬᠦᠨ ᠵᠡᠷᠭᠡ ᠬᠢᠯᠢ ᠠᠯᠤᠰᠯᠠᠭᠰᠠᠨ ᠵᠢᠭᠤᠯᠴᠢᠯᠠᠯ ᠤᠨ ᠰᠢᠷᠢᠰ ᠰᠣᠳᠣᠨ ᠵᠠᠮ ᠱᠤᠭᠤᠮ ᠢ ᠭᠠᠷᠭᠠᠭᠰᠠᠨ ᠪᠠᠶᠢᠨ᠎ᠠ᠃ ᠢᠷᠺᠦ᠋ᠼᠺ ︱ ᠤᠯᠠᠭᠠᠨᠪᠠᠭᠠᠲᠤᠷ ︱ ᠭᠦᠭᠡᠬᠤᠲᠠ᠂ ᠦᠬᠠᠨ ︱ ᠲᠠᠶᠢᠶᠤᠸᠠᠨ ︱ ᠭᠦᠭᠡᠬᠤᠲᠠ ᠶᠢᠨ︽ᠲᠦᠮᠡᠨ ᠭᠠᠵᠠᠷ ᠤᠨ ᠴᠠᠢ ᠶᠢᠨ ᠵᠠᠮ︾ ᠤᠨ ᠲᠦᠷᠭᠡᠨ ᠤ ᠲᠡᠮᠦᠷ ᠵᠠᠮ ᠤᠨ ᠵᠢᠭᠤᠯᠴᠢᠯᠠᠯ ᠤᠨ ᠲᠤᠰᠬᠠᠢ ᠴᠤᠪᠤᠭ᠎ᠠ ᠲᠡᠷᠭᠡ ᠨᠡᠪᠲᠡᠷᠡᠭᠰᠡᠨ ᠢᠶᠠᠷ ᠵᠢᠭᠤᠯᠴᠢᠯᠠᠬᠰᠠᠳ ᠲᠤ ᠨᠠᠩ ᠣᠯᠠᠨ ᠰᠣᠩᠭᠤᠯᠲᠠ ᠬᠠᠩᠭᠠᠭᠰᠠᠨ ᠪᠠᠶᠢᠨ᠎ᠠ᠃      ︽ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢ ᠤᠭᠲᠤᠬᠤ ᠶᠢᠨ ᠲᠥᠯᠥᠭᠡ᠂ ᠮᠠᠨ ᠤ ᠣᠷᠣᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡ ᠶᠢ  ᠰᠢᠯᠢᠳᠡᠭᠵᠢᠭᠦᠯᠦᠭᠰᠡᠭᠡᠷ ᠪᠠᠶᠢᠨ᠎ᠠ᠃ ᠮᠡᠳᠡᠭᠡ ᠬᠤᠯᠪᠣᠭᠠᠨ ᠤ ᠳᠣᠬᠢᠶ᠎ᠠ ᠶᠢ ᠦᠵᠡᠮᠵᠢ ᠶᠢᠨ ᠣᠷᠣᠨ ᠳᠤ ᠨᠡᠶᠢᠳᠡᠮ ᠪᠦᠷᠬᠦᠭᠦᠯᠬᠦ ᠪᠠᠷ ᠴᠢᠷᠮᠠᠶᠢᠵᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠠᠴᠠ ᠡᠮᠦᠨ᠎ᠡ 50% ᠶᠢᠨ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠨ ᠰᠢᠯᠢᠳᠡᠭᠵᠢᠭᠦᠯᠦᠨ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠴᠢᠨ ᠶᠠᠨ ᠲᠠᠨᠢᠯᠴᠠᠭᠤᠯᠪᠠ᠃ ᠡᠭᠦᠨ ᠠᠴᠠ ᠭᠠᠳᠠᠨ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠪᠠᠰᠠ ᠵᠥᠭᠡᠯᠡᠨ ᠲᠣᠨᠤᠭ ᠤᠨ ᠺᠤᠮᠫᠠᠨᠢ ᠲᠠᠢ ᠬᠠᠮᠲᠤᠷᠠᠨ ᠠᠵᠢᠯᠯᠠᠵᠤ᠂ 5 ᠰᠠᠷ᠎ᠠ ᠶᠢᠨ 1 ᠤ ᠡᠳᠦᠷ ᠭᠠᠵᠠᠷ ᠤᠨ ᠵᠢᠷᠤᠭ ᠲᠤ︽ᠨᠢᠭᠡ ᠯᠡ ᠳᠠᠷᠤᠭᠤᠯ ᠢᠶᠠᠷ ᠥᠪᠥᠷ ᠮᠣᠩᠭᠤᠯ ᠳᠤ ᠵᠢᠭᠤᠯᠴᠢᠯᠠᠬᠤ︾ᠴᠢᠳᠠᠮᠵᠢ ᠲᠠᠢ ᠪᠤᠯᠭᠠᠵᠦ᠂ ᠵᠢᠭᠤᠯᠴᠢᠯᠠᠬᠰᠠᠳ ᠲᠤ ᠲᠥᠭᠦᠮ ᠦᠵᠡᠭᠦᠯᠭᠦ ᠪᠠᠷ  ᠪᠤᠶ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠶᠢᠨ ᠡᠳᠦᠷ ᠪᠠᠰᠠ ᠤᠯᠤᠰ ᠤᠨ ᠳᠣᠲᠣᠭᠠᠳᠤ ᠶᠢᠨ ᠬᠠᠪᠤᠷ ᠵᠤᠨ ᠤ ᠤᠯᠠᠷᠢᠯ ᠤᠨ 52 ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ᠃ ᠡᠲᠡᠭᠡᠷ ᠵᠠᠮ ᠱᠤᠭᠤᠮ ᠨᠢ ᠭᠠᠵᠠᠷ ᠣᠷᠣᠨ ᠤ ᠥᠩᠭᠡ ᠦᠵᠡᠮᠵᠢ᠂ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠶᠯᠡ᠂ ᠠᠮᠲᠠᠲᠤ ᠢᠳᠡᠭᠡᠨ ᠦᠨᠦᠷ ᠠᠮᠲᠠ ᠵᠡᠷᠭᠡ ᠶᠢ ᠠᠭᠤᠰᠤᠯᠴᠠᠭᠤᠯᠵᠤ᠂ ᠨᠢᠭᠡ ᠠᠴᠠ ᠭᠤᠷᠪᠠᠨ ᠡᠳᠦᠷ ᠤᠨ ᠣᠬᠤᠷ ᠬᠤᠭᠤᠴᠠᠭᠠᠨ ᠤ ᠵᠢᠭᠤᠯᠴᠢᠯᠠᠯ ᠤᠨ ᠦᠢᠯᠡᠳᠬᠦᠨ ᠪᠠᠶᠢᠬᠤ ᠪᠠᠷ ᠪᠠᠷᠠᠬᠤ ᠦᠭᠡᠢ ᠪᠠᠰᠠ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠢ ᠭᠤᠣᠯᠯᠠᠨ ᠡᠷᠭᠢᠯᠡᠭᠦ ᠥᠪᠡᠷᠮᠢᠴᠡ ᠣᠨᠴᠠᠯᠢᠭ ᠲᠠᠢ ᠵᠠᠮ ᠱᠤᠭᠤᠮ ᠪᠠᠶᠢᠵᠤ᠂ ᠲᠣᠰ ᠭᠠᠵᠠᠷ ᠤᠨ ᠵᠢᠭᠤᠯᠴᠢᠯᠠᠬᠰᠠᠳ ᠲᠤ ᠬᠠᠨᠳᠤᠭᠤᠯᠤᠭᠰᠠᠨ ᠵᠠᠮ ᠱᠤᠭᠤᠮ ᠢ ᠴᠦ ᠪᠠᠭᠲᠠᠭᠠᠵᠠᠢ᠃      ︵ᠢᠷᠡᠯᠲᠡ᠄ ᠰᠢᠨᠬᠤᠸᠠ ᠰᠦᠯᠵᠢᠶ᠎ᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号