| | 4 ᠳ᠋ᠦ᠋ᠭᠡᠷ ᠰᠠᠷ᠎ᠠ ᠶᠢᠨ 23 ᠤ ᠡᠳᠦᠷ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ︾ ᠳᠤ ︽ᠥᠪᠥᠷ | ᠮᠣᠩᠭᠤᠯ 52 ᠵᠤᠷᠪᠤᠰ ᠬᠠᠪᠤᠷ ᠵᠣᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ︾ ᠭᠡᠵᠦ | ᠮᠡᠳᠡᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠣᠶᠢᠷ᠎ᠠ ᠳᠤ 52 ᠵᠤᠷᠪᠤᠰ ᠬᠠᠪᠤᠷ ᠵᠣᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠭᠠᠷᠭᠠᠵᠤ᠂ ᠭᠠᠵᠠᠷ | ᠣᠷᠣᠨ ᠤ ᠪᠠᠶᠢᠳᠠᠯ᠂ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠶᠯᠡ ᠶᠢ ᠠᠭᠤᠰᠤᠯᠴᠠᠭᠤᠯᠤᠨ᠂ | ︽ᠮᠢᠩᠭᠠᠨ ᠲᠡᠷᠭᠡ ᠲᠦᠮᠡᠨ ᠬᠥᠮᠥᠨ︾ ᠤ ᠥᠪᠥᠷ ᠮᠣᠩᠭᠤᠯ ᠳᠤ ᠥᠪᠡᠷ ᠢᠶᠠᠨ ᠲᠡᠷᠭᠡ ᠵᠢᠯᠤᠭᠤᠳᠴᠤ ᠵᠢᠭᠤᠯᠴᠢᠯᠠᠬᠤ | ᠨᠠᠷᠠᠲᠤ ᠲᠡᠮᠳᠡᠭ ᠢ ᠡᠭᠦᠳᠦᠭᠰᠡᠨ ᠪᠠᠶᠢᠨ᠎ᠠ ᠭᠡᠵᠡᠢ᠃ ᠮᠡᠳᠡᠭᠡᠯᠡᠯ ᠤᠨ ᠪᠥᠬᠦ ᠠᠭᠤᠯᠭ᠎ᠠ ᠨᠢ ᠳᠣᠣᠷᠠᠬᠢ ᠮᠡᠲᠦ᠄ | | | ︽ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ︾ ︵2024 ᠣᠨ ᠤ 4 ᠳ᠋ᠦ᠋ᠭᠡᠷ ᠰᠠᠷ᠎ᠠ ᠶᠢᠨ 23 ᠤ | ᠡᠳᠦᠷ ᠤᠨ ᠬᠡᠪᠯᠡᠯ ᠤᠨ 02 ᠳ᠋ᠤᠭᠠᠷ ᠨᠢᠭᠤᠷ︶ | | | ᠥᠪᠥᠷ ᠮᠣᠩᠭᠤᠯ 52 ᠵᠤᠷᠪᠤᠰ ᠬᠠᠪᠤᠷ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠢ | ᠨᠡᠶᠢᠲᠡᠯᠡᠪᠡ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠣᠶᠢᠷ᠎ᠠ ᠳᠤ 52 ᠵᠤᠷᠪᠤᠰ ᠬᠠᠪᠤᠷ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠵᠦ᠂ | ᠭᠠᠵᠠᠷ ᠣᠷᠣᠨ ᠤ ᠪᠠᠶᠢᠳᠠᠯ᠂ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠶᠯᠡ ᠶᠢ | ᠠᠭᠤᠰᠤᠯᠴᠠᠭᠤᠯᠤᠨ᠂ ︽ᠮᠢᠩᠭᠠᠨ ᠲᠡᠷᠭᠡ ᠲᠦᠮᠡᠨ ᠬᠥᠮᠥᠨ︾ ᠤ ᠥᠪᠥᠷ ᠮᠣᠩᠭᠤᠯ ᠳᠤ ᠥᠪᠡᠷ ᠢᠶᠠᠨ ᠲᠡᠷᠭᠡ | ᠵᠢᠯᠤᠭᠤᠳᠴᠤ ᠵᠢᠭᠤᠯᠴᠢᠯᠠᠬᠤ ᠨᠠᠷᠠᠲᠤ ᠲᠡᠮᠳᠡᠭ ᠢ ᠡᠭᠦᠳᠦᠭᠰᠡᠨ ᠪᠠᠶᠢᠨ᠎ᠠ᠃ | | | 52 ᠵᠤᠷᠪᠤᠰ ᠵᠠᠮ ᠱᠤᠭᠤᠮ ᠳᠤ 10 ᠵᠤᠷᠪᠤᠰ ᠪᠡᠭᠡᠵᠢᠩ - ᠥᠪᠥᠷ ᠮᠣᠩᠭᠤᠯ ᠤᠨ ᠰᠣᠳᠣᠨ | ᠵᠢᠭᠤᠯᠴᠢᠯᠠᠯ ᠤᠨ ᠵᠠᠮ ᠱᠤᠭᠤᠮ᠂ 12 ᠵᠤᠷᠪᠤᠰ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠵᠠᠮ ᠱᠤᠭᠤᠮ᠂ 8 ᠵᠤᠷᠪᠤᠰ ᠨᠢᠭᠡ ᠡᠳᠦᠷ ᠤᠨ ᠵᠢᠭᠤᠯᠴᠢᠯᠠᠯ ᠤᠨ ᠵᠠᠮ ᠱᠤᠭᠤᠮ᠂ 5 ᠵᠤᠷᠪᠤᠰ ᠬᠤᠶᠠᠷ ᠡᠳᠦᠷ ᠤᠨ | ᠵᠢᠭᠤᠯᠴᠢᠯᠠᠯ ᠤᠨ ᠵᠠᠮ ᠱᠤᠭᠤᠮ᠂ 5 ᠵᠤᠷᠪᠤᠰ ᠭᠤᠷᠪᠠᠨ ᠡᠳᠦᠷ ᠤᠨ ᠵᠢᠭᠤᠯᠴᠢᠯᠠᠯ ᠤᠨ ᠵᠠᠮ ᠱᠤᠭᠤᠮ ᠪᠠ 12 | ᠵᠤᠷᠪᠤᠰ ︽ᠥᠪᠥᠷ ᠮᠣᠩᠭᠤᠯ ᠤᠨ ᠬᠥᠮᠥᠨ ᠥᠪᠥᠷ ᠮᠣᠩᠭᠤᠯ ᠳᠤ ᠪᠠᠨ ᠵᠢᠭᠤᠯᠴᠢᠯᠠᠬᠤ︾ ᠰᠣᠳᠣᠨ ᠵᠢᠭᠤᠯᠴᠢᠯᠠᠯ ᠤᠨ | ᠵᠠᠮ ᠱᠤᠭᠤᠮ ᠪᠠᠭᠲᠠᠨ᠎ᠠ᠃ | | | ᠲᠠᠨᠢᠯᠴᠠᠭᠤᠯᠤᠭᠰᠠᠨ ᠢᠶᠠᠷ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠥᠪᠥᠷ | ᠮᠣᠩᠭᠤᠯ ᠤᠨ 12 ᠠᠶᠢᠮᠠᠭ ᠬᠤᠲᠠ ᠶᠢᠨ ᠬᠢᠨ ᠬᠥᠬᠡᠬᠤᠲᠠ ᠶᠢᠨ ᠬᠡᠭᠡᠷ᠎ᠡ ᠪᠠᠭᠤᠳᠠᠯᠯᠠᠬᠤ ᠪᠠᠶᠠᠷ᠂ ᠰᠢᠯᠢ ᠶᠢᠨ | ᠭᠤᠣᠯ ᠤᠨ ︽ᠮᠧᠩ ᠮᠧᠩ ᠮᠠ︾ ᠮᠣᠷᠢᠨ ᠤᠷᠤᠯᠳᠤᠭᠠᠨ ᠵᠡᠷᠭᠡ 302 ᠵᠦᠢᠯ ᠤᠨ ᠰᠣᠶᠣᠯ ᠵᠢᠭᠤᠯᠴᠢᠯᠠᠯ ᠤᠨ | ᠠᠵᠢᠯᠯᠠᠭ᠎ᠠ ᠥᠷᠨᠢᠭᠦᠯᠬᠦ ᠪᠠᠷ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠣᠶᠢᠷ᠎ᠠ ᠳᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠡᠯᠧᠺᠲᠷᠣᠨ ᠬᠤᠳᠠᠯᠳᠤᠭᠠᠨ ᠤ ᠲᠠᠪᠴᠠᠩ᠂ ᠰᠢᠨ᠎ᠡ ᠵᠠᠭᠤᠴᠢᠯᠠᠭᠤᠷ ᠤᠨ ᠲᠠᠪᠴᠠᠩ ᠲᠠᠢ ᠬᠤᠯᠪᠤᠭᠠᠯᠠᠨ | ᠬᠥᠳᠡᠯᠦᠯᠴᠡᠵᠦ᠂ ᠬᠡᠷᠡᠭᠯᠡᠭᠡ ᠶᠢ ᠠᠬᠢᠭᠤᠯᠬᠤ ᠣᠯᠠᠨ ᠶᠠᠩᠵᠤ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ᠂ ᠪᠦᠷᠢᠨ ᠴᠢᠳᠠᠮᠵᠢᠲᠤ ᠺᠠᠷᠲ ᠪᠠ ᠡᠭᠦᠳᠡᠨ ᠪᠢᠯᠧᠲ ᠢ ᠬᠡᠯᠲᠦᠷᠢᠭᠦᠯᠬᠦ | ᠵᠡᠷᠭᠡ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠥᠪᠥᠷ ᠮᠣᠩᠭᠤᠯ ᠤᠨ ᠬᠥᠮᠥᠨ ᠥᠪᠥᠷ | ᠮᠣᠩᠭᠤᠯ ᠳᠤ ᠪᠠᠨ ᠵᠢᠭᠤᠯᠴᠢᠯᠠᠬᠤ︾ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠬᠦ ᠪᠣᠯᠣᠨ᠎ᠠ᠃ | | | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠪᠠᠰᠠ ᠳᠤᠮᠳᠠᠳᠤ ᠣᠷᠣᠰ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ | ᠦᠢᠯᠡᠳᠬᠦᠨ ᠢ ᠬᠦᠴᠦᠯᠡᠨ ᠪᠦᠲᠦᠭᠡᠵᠦ᠂ ︽ᠲᠦᠮᠡᠨ ᠭᠠᠵᠠᠷ ᠤᠨ ᠴᠠᠢ ᠶᠢᠨ ᠠᠶᠠᠨ︾ ᠤ ᠲᠦᠷᠭᠡᠨ ᠤ ᠲᠡᠮᠦᠷ | ᠵᠠᠮ ᠤᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠠᠪᠲᠠᠷᠡᠭᠦᠯᠵᠦ᠂ ︽ᠲᠦᠮᠡᠨ ᠭᠠᠵᠠᠷ ᠤᠨ ᠴᠠᠢ ᠶᠢᠨ ᠠᠶᠠᠨ︾ | ᠤ ᠬᠢᠯᠢ ᠠᠯᠤᠰᠯᠠᠭᠰᠠᠨ ᠵᠢᠭᠤᠯᠴᠢᠯᠠᠯ ᠤᠨ ᠥᠪᠡᠷ ᠢᠶᠠᠨ ᠲᠡᠷᠭᠡ ᠵᠢᠯᠤᠭᠤᠳᠬᠤ ᠵᠠᠮ ᠱᠤᠭᠤᠮ ᠢ ᠭᠠᠷᠭᠠᠨ᠎ᠠ᠃ |