ᠬᠠᠮᠤᠭ ᠤᠨ ᠥᠨᠳᠥᠷ ᠲᠡᠭᠡᠨ 3500 ᠲᠥᠭᠦᠷᠢᠭ ᠤᠨ ᠨᠥᠬᠦᠪᠦᠷᠢ ᠣᠯᠭᠤᠨ᠎ᠠ
ᠨᠡᠶᠢᠲᠡᠯᠡᠭᠰᠡᠨ ᠴᠠᠭ᠄
2024/4/25
     ᠥᠷᠭᠡᠨ ᠣᠯᠠᠨ ᠬᠡᠷᠡᠭᠯᠡᠭᠴᠢᠳ ᠲᠤ ᠨᠠᠩ ᠣᠯᠠᠨ ᠠᠰᠢᠭ ᠬᠦᠷᠲᠡᠭᠡᠬᠦ ᠶᠢᠨ ᠲᠥᠯᠥᠭᠡ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠳ᠋ᠦᠩ ᠭᠧ ᠴᠠᠭᠢᠯᠭᠠᠨ ᠬᠡᠷᠡᠭᠰᠡᠯ ᠤᠨ ᠪᠦᠯᠦᠭᠯᠡᠯ ᠲᠠᠢ ᠬᠠᠮᠵᠢᠯᠴᠠᠨ ᠡᠯ᠎ᠡ ᠲᠥᠷᠥᠯ ᠤᠨ ᠭᠡᠷ ᠤᠨ ᠴᠠᠭᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢ ᠣᠯᠭᠤᠬᠤ ᠪᠠᠷ ᠪᠤᠢ᠃      ᠲᠣᠰ ᠤᠳᠠᠭᠠᠨ ᠤ ᠬᠥᠳᠡᠯᠭᠡᠭᠡᠨ ᠳᠤ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ ᠲᠣᠬᠢᠷᠠᠭᠤᠯᠤᠭᠴᠢ᠂ ᠲᠣᠭᠤᠭᠠᠨ ᠭᠡᠷ ᠤᠨ ᠴᠠᠭᠢᠯᠭᠠᠨ ᠬᠡᠷᠡᠭᠰᠡᠯ᠂ ᠤᠰᠤ ᠬᠠᠯᠠᠭᠠᠭᠤᠷ ᠵᠡᠷᠭᠡ ᠶᠢ ᠪᠠᠭᠲᠠᠭᠠᠨ᠎ᠠ᠃ ᠲᠦᠷᠦᠯ ᠲᠡᠮᠳᠡᠭ ᠤᠨ ᠬᠤᠪᠢ ᠳᠤ ᠬᠠᠢ ᠡᠯ᠂ ᠮᠧᠶ ᠳ᠋ᠢ᠂ ᠰᠢᠢᠮᠧᠨ᠋ᠰ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ 30 ᠭᠠᠷᠤᠢ ᠨᠠᠷᠠᠲᠤ ᠲᠡᠮᠳᠡᠭᠲᠦ ᠪᠤᠶ᠃ ᠳ᠋ᠦᠩ ᠭᠧ ᠴᠠᠭᠢᠯᠭᠠᠨ ᠬᠡᠷᠡᠭᠰᠡᠯ ᠨᠢ ᠡᠯ᠎ᠡ ᠲᠣᠮᠣ ᠨᠠᠷᠠᠲᠤ ᠲᠡᠮᠳᠡᠭᠲᠦ ᠲᠠᠢ ᠬᠤᠯᠪᠤᠭᠠᠯᠠᠨ 2400 ᠲᠦᠮᠡᠨ ᠲᠥᠭᠦᠷᠢᠭ ᠤᠨ ᠠᠰᠢᠭ ᠣᠯᠭᠤᠬᠤ ᠪᠠᠷ ᠪᠣᠯᠵᠤ᠂ ᠲᠠᠩ ᠲᠦᠷᠦᠯ ᠤᠨ ᠭᠡᠷ ᠤᠨ ᠴᠠᠭᠢᠯᠭᠠᠨ ᠬᠡᠷᠡᠭᠰᠡᠯ ᠳᠤ ᠬᠠᠮᠤᠭ ᠤᠨ ᠥᠨᠳᠥᠷ ᠲᠡᠭᠡᠨ 3500 ᠲᠥᠭᠦᠷᠢᠭ ᠤᠨ ᠨᠥᠬᠦᠪᠦᠷᠢ ᠣᠯᠭᠤᠬᠤ ᠶᠢᠨ ᠬᠠᠮᠲᠤ᠂ ᠴᠠᠭᠢᠯᠭᠠᠨ ᠲᠣᠭᠤᠭ᠎ᠠ᠂ ᠬᠠᠴᠢᠭ ᠠᠷᠢᠯᠭᠠᠬᠤ ᠪᠠᠭᠠᠵᠢ ᠵᠡᠷᠭᠡ ᠭᠡᠷ ᠤᠨ ᠵᠢᠵᠢᠭ ᠴᠠᠭᠢᠯᠭᠠᠨ ᠬᠡᠷᠡᠭᠰᠡᠯ ᠢ ᠬᠥᠳᠡᠯᠭᠡᠭᠡᠨ ᠳᠤ ᠣᠷᠣᠯᠴᠠᠬᠰᠠᠨ ᠬᠡᠷᠡᠭᠯᠡᠭᠴᠢᠳ ᠲᠤ ᠬᠦᠷᠭᠡᠨ᠎ᠡ᠃      ᠬᠥᠳᠡᠯᠭᠡᠭᠡᠨ ᠤ ᠬᠤᠭᠤᠴᠠᠭᠠᠨ ᠳᠤ᠂ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠪᠦᠭᠦ ᠶᠠᠪᠤᠴᠠ ᠳᠤ ᠦᠨ᠎ᠡ ᠲᠥᠯᠥᠪᠦᠷᠢ ᠦᠭᠡᠢ ᠪᠠᠷ ᠪᠠᠷᠠᠭ᠎ᠠ ᠶᠢ ᠭᠡᠷ ᠲᠤᠨᠢ ᠬᠦᠷᠭᠡᠵᠦ᠂ ᠰᠢᠨ᠎ᠡ ᠶᠢ ᠨᠢ ᠬᠦᠷᠭᠡᠵᠦ ᠬᠠᠭᠤᠴᠢᠨ ᠢ ᠨᠢ ᠰᠢᠢᠳᠪᠦᠷᠢᠯᠡᠨ᠂ ᠨᠢᠭᠡ ᠯᠡ ᠠᠯᠬᠤᠮ ᠢᠶᠠᠷ ᠪᠦᠭᠦ ᠠᠵᠢᠯ ᠢ ᠭᠦᠢᠴᠡᠳᠬᠡᠬᠦ ᠪᠣᠯᠣᠨ᠎ᠠ᠃      ᠢᠷᠡᠯᠲᠡ᠄ ᠤᠮᠠᠷᠠᠲᠤ ᠶᠢᠨ ᠰᠢᠨ᠎ᠡ ᠰᠣᠨᠢᠨ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号