ᠬᠥᠳᠡᠭᠡ ᠲᠣᠰᠬᠤᠨ ᠤ ᠭᠡᠷ ᠪᠠᠶᠢᠰᠢᠩ ᠢ ᠶᠠᠭᠠᠬᠢᠵᠤ ᠪᠠᠷᠢᠪᠠᠯ ᠨᠠᠩ ᠠᠮᠤᠷ ᠲᠦᠪᠰᠢᠨ ᠪᠤᠢ︖
ᠨᠡᠶᠢᠲᠡᠯᠡᠭᠰᠡᠨ ᠴᠠᠭ᠄
2024/4/25
     ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠦᠷᠦᠭᠦᠬᠡᠨ ᠬᠠᠮᠲᠤᠷᠠᠨ︽ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾︵ᠳᠣᠷᠣᠭᠰᠢ ︽ᠰᠠᠨᠠᠯ︾  ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃     ︽ᠰᠠᠨᠠᠯ︾ ᠳᠤ᠂ 2025 ᠣᠨ ᠪᠤᠯᠬᠤ ᠳᠤ᠂ ᠬᠥᠳᠡᠭᠡ ᠲᠣᠰᠬᠤᠨ ᠤ ᠣᠨᠴᠠᠯᠢᠭ ᠲᠤ ᠵᠣᠬᠢᠴᠠᠭᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠦᠭᠦ ᠶᠠᠪᠤᠴᠠ ᠳᠤ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠲᠠ ᠬᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠦᠶᠯᠡ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠤᠯᠭᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠨᠡᠶᠢᠳᠡᠮ ᠳᠡᠭᠡᠭᠰᠢᠯᠡᠭᠦᠯᠦᠨ᠎ᠡ᠃ 2035 ᠣᠨ ᠪᠤᠯᠬᠤ ᠳᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠪᠠ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃      ︵ᠳᠣᠣᠷᠠᠬᠢ ᠦᠰᠦᠭ ᠢ ᠲᠣᠪᠴᠢᠳᠠᠵᠤ︽ᠰᠠᠨᠠᠯ︾ ᠤᠨ ᠪᠦᠭᠦ ᠠᠭᠤᠯᠭ᠎ᠠ ᠶᠢ ᠦᠵᠡᠭᠡᠷᠡᠢ᠃︶https://www.mohurd.gov.cn/gongkai/zhengce/zhengcefilelib/202404/20240422_777668.html      ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ   ᠪᠠᠶᠢᠭᠤᠯᠤᠯᠲᠠ ᠶᠢᠨ   ᠶᠠᠮᠤᠨ ᠤ  ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号