2024 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ ᠰᠠᠶᠢᠬᠠᠨ ᠲᠣᠭᠤᠷᠢᠭ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 5400.57 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/4/26
     2024 ᠣᠨ ᠳᠤ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠦᠢᠯᠡᠰ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ︽ᠪᠦᠬᠦᠨ ᠳᠤ ᠲᠣᠬᠢᠷᠠᠬᠤ ᠺᠠᠷᠲ︾ ᠤᠨ ᠲᠤᠰᠬᠠᠢ ᠵᠠᠰᠠᠯᠲᠠ ᠲᠠᠢ ᠤᠶᠠᠯᠳᠤᠭᠤᠯᠵᠤ᠂ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠤᠨ ᠲᠠᠷᠬᠠᠭᠠᠬᠤ ᠲᠡᠰ ᠳᠠᠷᠠᠭᠠᠯᠠᠯ᠂ ᠠᠵᠢᠯᠯᠠᠬᠤ ᠲᠡᠰ ᠳᠠᠷᠠᠭᠠᠯᠠᠯ ᠢ ᠴᠢᠨᠠᠭᠰᠢᠳᠠ ᠳᠥᠭᠦᠮᠴᠢᠯᠡᠨ ᠲᠡᠭᠦᠯᠳᠡᠷᠵᠢᠭᠦᠯᠵᠦ᠂ ᠪᠡᠯᠡ ᠮᠥᠩᠭᠦ ᠲᠠᠷᠬᠠᠭᠠᠬᠤ ᠦᠷ᠎ᠡ ᠪᠦᠲᠦᠮᠵᠢ ᠪᠣᠯᠣᠨ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠪᠡ᠃          3 ᠰᠠᠷ᠎ᠠ ᠶᠢᠨ 31 ᠤ ᠡᠳᠦᠷ ᠪᠣᠯᠲᠠᠯ᠎ᠠ᠂ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠪᠡᠯᠡ ᠮᠥᠩᠭᠦ ᠶᠢ 5400.57 ᠲᠦᠮᠡᠨ ᠲᠥᠭᠦᠷᠢᠭ ᠲᠠᠷᠬᠠᠭᠠᠵᠤ᠂ 5 ᠶᠡᠭᠡ ᠬᠦᠷᠢᠶᠡᠨ ᠳᠠᠬᠢ 18 ᠲᠥᠷᠥᠯ ᠤᠨ 23 ᠵᠦᠢᠯ ᠳᠤ ᠬᠤᠯᠪᠣᠭᠳᠠᠵᠤ᠂ ᠨᠡᠶᠢᠲᠡ 11.78 ᠲᠦᠮᠡᠨ ᠡᠷᠦᠬᠡ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠡᠭᠦᠨ ᠳᠤ ᠲᠠᠷᠢᠶᠠᠯᠠᠩ ᠤᠨ ᠲᠥᠷᠥᠯ ᠤᠨ ᠨᠥᠬᠦᠪᠦᠷᠢ 95.35 ᠲᠦᠮᠡᠨ ᠲᠥᠭᠦᠷᠢᠭ᠂ ᠣᠶ ᠰᠢᠭᠤᠢ ᠶᠢᠨ ᠲᠥᠷᠥᠯ ᠤᠨ ᠨᠥᠬᠦᠪᠦᠷᠢ 0.14 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠦᠷᠢ 1239.26 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ 4035.62 ᠲᠦᠮᠡᠨ ᠲᠥᠭᠦᠷᠢᠭ᠂ ᠲᠤᠰᠬᠠᠢ ᠲᠤᠰᠢᠶᠠᠯᠲᠤ ᠲᠥᠯᠥᠪᠯᠡᠭᠡᠲᠦ ᠦᠷᠡᠵᠢᠯ ᠤᠨ ᠺᠠᠳ᠋ᠷ ᠤᠨ ᠠᠮᠢᠳᠤᠷᠠᠯ ᠤᠨ ᠨᠥᠬᠦᠪᠦᠷᠢ 30.2 ᠲᠦᠮᠡᠨ ᠲᠥᠭᠦᠷᠢᠭ ᠪᠣᠯᠣᠨ᠎ᠠ᠃         ︽ᠪᠦᠬᠦᠨ ᠳᠤ ᠲᠣᠬᠢᠷᠠᠬᠤ ᠺᠠᠷᠲ︾ ᠤᠨ ᠬᠠᠮᠤᠷᠬᠤ ᠬᠡᠪᠴᠢᠶ᠎ᠡ ᠪᠠᠷ ᠥᠷᠭᠡᠨ᠂ ᠪᠡᠯᠡ ᠮᠥᠩᠭᠦ ᠶᠢᠨ ᠠᠮᠤᠷ ᠲᠦᠪᠰᠢᠨ᠂ ᠴᠠᠭ ᠲᠤᠬᠠᠢ ᠳᠤᠨᠢ ᠣᠯᠭᠤᠬᠤ ᠵᠡᠷᠭᠡ ᠳᠠᠪᠠᠭᠤᠯᠢᠭ ᠨᠢ ᠨᠢᠭᠡᠨᠲᠡ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠣᠲᠣ ᠨᠢᠭᠡᠨᠲᠡ ᠲᠠᠷᠢᠶᠠᠴᠢᠨ ᠪᠠ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠪᠠ ᠬᠤᠯᠪᠣᠭᠠᠰᠤ ᠪᠣᠯᠵᠤ᠂ ᠨᠥᠬᠦᠪᠦᠷᠢ ᠮᠥᠩᠭᠦ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠲᠠᠷᠬᠠᠭᠠᠵᠤ᠂ ᠥᠷᠭᠡᠨ ᠣᠯᠠᠨ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠵᠣᠬᠢᠬᠤ ᠬᠠᠪᠰᠤᠷᠤᠯᠭ᠎ᠠ ᠪᠠ ᠳᠡᠮᠵᠢᠯᠭᠡ ᠬᠠᠩᠭᠠᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号