| | ᠵᠢᠭᠤᠯᠴᠢᠯᠠᠯ ᠤᠨ ᠲᠠᠪᠴᠠᠩ ᠤᠨ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠣᠷᠣᠨ ᠤ ᠲᠠᠪᠤᠨ ᠰᠠᠷ᠎ᠠ | ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ ᠵᠢᠭᠤᠯᠴᠢᠯᠠᠯ ᠤᠨ ᠪᠦᠲᠦᠭᠡᠭᠳᠡᠬᠦᠨ ᠢ ᠤᠷᠢᠳᠴᠢᠯᠠᠨ | ᠵᠠᠬᠢᠶᠠᠯᠠᠭᠰᠠᠨ ᠬᠡᠮᠵᠢᠶ᠎ᠡ ᠶᠡᠭᠡ ᠪᠠᠷ ᠨᠡᠮᠡᠭᠳᠡᠵᠦ᠂ ᠤᠯᠠᠭᠠᠨᠬᠠᠳᠠ ᠬᠤᠲᠠ᠂ ᠬᠥᠯᠥᠨ ᠪᠤᠶᠢᠷ ᠬᠤᠲᠠ ᠨᠢ ᠵᠢᠭᠤᠯᠴᠢᠯᠠᠯ | ᠤᠨ ᠬᠠᠯᠠᠮᠰᠢᠯ ᠵᠤᠷᠢᠯᠳᠠᠳᠦ ᠭᠠᠵᠠᠷ ᠪᠣᠯᠵᠤ᠂ ᠲᠠᠯᠠᠶᠢᠨᠠᠭᠤᠷ ᠤᠨ ︽ᠵᠢᠵᠢᠭ ᠶᠠᠯᠦ ᠵᠢᠭᠠᠰᠤᠨ ᠤ ᠨᠡᠭᠦᠳᠡᠯ︾ ᠭᠡᠷ ᠪᠦᠯᠢ | ᠶᠢᠨ ᠰᠢᠷᠢᠰ ᠵᠢᠭᠤᠯᠴᠢᠯᠠᠯ᠂ ᠪᠦᠷᠢᠶ᠎ᠡ ᠮᠠᠩᠬ᠎ᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠵᠡᠷᠭᠡ ᠵᠢᠭᠤᠯᠴᠢᠯᠠᠯ ᠤᠨ | ᠪᠦᠲᠦᠭᠡᠭᠳᠡᠬᠦᠨ ᠢ ᠨᠢᠭᠡᠨᠲᠡ ᠤᠷᠢᠳᠴᠢᠯᠠᠨ ᠬᠤᠳᠠᠯᠳᠤᠵᠤ ᠳᠠᠭᠤᠰᠬᠠᠨ᠂ ᠣᠷᠳᠣᠰ ᠤᠨ ᠬᠡᠭᠡᠷ᠎ᠡ ᠶᠢᠨ ᠠᠮᠢᠲᠠᠨ ᠤ | ᠬᠦᠷᠢᠶᠡᠯᠡᠩ᠂ ᠤᠯᠠᠭᠠᠨᠴᠠᠪ ᠤᠨ ᠭᠠᠯᠲᠤ ᠠᠭᠤᠯᠠ ᠵᠡᠷᠭᠡ ᠦᠵᠡᠮᠵᠢ ᠶᠢᠨ ᠣᠷᠣᠨ ᠨᠢ ᠰᠦᠯᠵᠢᠶᠡᠨ ᠬᠠᠯᠠᠮᠰᠢᠯ ᠪᠣᠯᠵᠤ | ᠪᠠᠶᠢᠨ᠎ᠠ᠃ | | | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ | ᠤ ᠣᠷᠣᠨ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠳᠤ ᠴᠢᠭᠯᠡᠭᠦᠯᠦᠨ ᠪᠡᠭᠡᠵᠢᠩ ᠠᠴᠠ ᠥᠪᠥᠷ ᠮᠣᠩᠭᠤᠯ ᠬᠦᠷᠬᠦ | 10 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ᠂ ᠬᠥᠳᠡᠭᠡ ᠲᠣᠰᠬᠤᠨ ᠤ ᠵᠢᠭᠤᠯᠴᠢᠯᠠᠯ ᠤᠨ 12 ᠵᠤᠷᠪᠤᠰ | ᠵᠠᠮ ᠱᠤᠭᠤᠮ᠂ ᠨᠢᠭᠡ ᠡᠳᠦᠷ ᠤᠨ ᠵᠢᠭᠤᠯᠴᠢᠯᠠᠯ ᠤᠨ 8 ᠵᠤᠷᠪᠤᠰ ᠵᠠᠮ ᠱᠤᠭᠤᠮ᠂ ᠬᠤᠶᠠᠷ ᠡᠳᠦᠷ ᠤᠨ ᠵᠢᠭᠤᠯᠴᠢᠯᠠᠯ | ᠤᠨ 5 ᠵᠤᠷᠪᠤᠰ ᠵᠠᠮ ᠱᠤᠭᠤᠮ᠂ ᠭᠤᠷᠪᠠᠨ ᠡᠳᠦᠷ ᠤᠨ ᠵᠢᠭᠤᠯᠴᠢᠯᠠᠯ ᠤᠨ 5 ᠵᠤᠷᠪᠤᠰ ᠵᠠᠮ ᠱᠤᠭᠤᠮ ᠪᠠ ︽ᠥᠪᠥᠷ | ᠮᠣᠩᠭᠤᠯᠴᠤᠳ ᠥᠪᠥᠷ ᠮᠣᠩᠭᠤᠯ ᠳᠠᠭᠠᠨ ᠵᠢᠭᠤᠯᠴᠢᠯᠠᠬᠤ︾ 12 ᠵᠤᠷᠪᠤᠰ ᠰᠣᠳᠣᠨ ᠵᠢᠭᠤᠯᠴᠢᠯᠠᠯ ᠤᠨ ᠵᠠᠮ | ᠱᠤᠭᠤᠮ ᠭᠠᠷᠭᠠᠪᠠ᠃ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠭᠦᠭᠡᠬᠤᠲᠠ ᠶᠢᠨ ᠬᠡᠭᠡᠷ᠎ᠡ | ᠪᠠᠭᠤᠳᠠᠯᠯᠠᠬᠤ ᠨᠠᠶᠢᠷ᠂ ᠰᠢᠯᠢ ᠶᠢᠨ ᠭᠤᠣᠯ ᠤᠨ ᠮᠣᠷᠢᠨ ᠤᠷᠤᠯᠳᠤᠭᠠᠨ᠂ ᠠᠯᠠᠱᠠ ᠶᠢᠨ ᠪᠠᠭᠠᠲᠤᠷᠴᠤᠳ ᠤᠨ | ᠴᠤᠭᠯᠠᠭᠠᠨ᠂ ᠤᠯᠠᠭᠠᠨᠬᠠᠳᠠ ᠶᠢᠨ︽ᠵᠢᠵᠢᠭ ᠶᠠᠯᠦ ᠵᠢᠭᠠᠰᠤᠨ ᠤ ᠨᠡᠭᠦᠳᠡᠯ︾ ᠵᠡᠷᠭᠡ 302 ᠵᠦᠢᠯ ᠤᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠠᠪᠤᠭᠳᠠᠭᠤᠯᠬᠤ ᠶᠢᠨ ᠬᠠᠮᠲᠤ᠂ ᠪᠥᠵᠢᠭᠲᠦ ᠵᠦᠴᠦᠭᠡ ︽ᠮᠣᠷᠢᠲᠤ ᠴᠡᠷᠢᠭ︾᠂ ᠼᠢᠷᠺ | ︽ᠪᠢᠳᠡᠨ ᠤ ᠰᠠᠶᠢᠨ ᠰᠠᠶᠢᠬᠠᠨ ᠠᠮᠢᠳᠤᠷᠠᠯ︾᠂ ︽ᠪᠤᠭᠤᠷᠤᠯ ᠲᠡᠦᠬᠡ ᠶᠢᠨ ᠭᠦᠯᠦᠭ ᠤᠨ ᠮᠠᠭᠲᠠᠭᠠᠯ︾ ᠵᠡᠷᠭᠡ ᠰᠢᠷᠢᠰ | ᠰᠣᠳᠣᠨ ᠲᠣᠬᠯᠠᠯᠲᠠ ᠪᠠ ᠵᠠᠩ ᠵᠢᠶᠧ᠂ ᠰᠢᠤᠸᠠᠢ ᡁᠢ ᠴᠢᠶᠠᠨ ᠵᠡᠷᠭᠡ ᠨᠡᠷᠡᠳᠦ ᠤᠷᠠᠯᠢᠭᠴᠢᠨ ᠤ ᠤᠳᠡᠰᠢᠯᠡᠭᠡ ᠶᠢ 12 | ᠲᠠᠯᠠᠪᠠᠢ ᠭᠠᠷᠭᠠᠬᠤ ᠪᠠᠷ ᠪᠤᠢ᠃ ᠡᠭᠦᠨ ᠠᠴᠠ ᠭᠠᠳᠠᠨ᠎ᠠ ᠪᠦᠭᠦ ᠣᠷᠣᠨ ᠤ ᠡᠯ᠎ᠡ ᠭᠠᠵᠠᠷ ᠤᠨ ︽ᠡᠳᠦᠷ ᠡᠳᠦᠷ ᠤᠨ | ᠨᠠᠭᠠᠳᠤᠮ︾ ᠰᠢᠷᠢᠰ ᠠᠵᠢᠯᠯᠠᠭ᠎ᠠ ᠨᠢ ᠬᠤᠯᠠ ᠣᠶᠢᠷ᠎ᠠ ᠠᠴᠠ ᠬᠦᠷᠦᠯᠴᠡᠨ ᠢᠷᠡᠭᠰᠡᠨ ᠵᠢᠭᠤᠯᠴᠢᠯᠠᠬᠰᠡᠳ ᠲᠤ ᠪᠦᠭᠡ | ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ ᠵᠡᠷᠭᠡ ᠡᠷ᠎ᠡ ᠶᠢᠨ ᠭᠤᠷᠪᠠᠨ ᠨᠠᠭᠠᠳᠤᠮ ᠢ ᠪᠡᠶᠡᠴᠢᠯᠡᠨ | ᠣᠶᠢᠯᠠᠭᠠᠭᠤᠯᠬᠤ ᠪᠣᠯᠣᠨ᠎ᠠ᠃ | |