ᠰᠠᠨᠰᠠᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠡᠷᠢᠭ  ᠤᠨ ᠠᠯᠪᠠᠨ ᠠᠴᠠ ᠪᠠᠭᠤᠭᠰᠠᠨ ᠳᠤ ᠦᠢᠯᠡᠴᠢᠯᠡᠬᠦ
ᠨᠡᠶᠢᠲᠡᠯᠡᠭᠰᠡᠨ ᠴᠠᠭ᠄
2024/4/29
     ᠶᠢᠰᠦᠳᠦᠭᠡᠷ ︽ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠡᠳᠦᠷ︾ ᠤᠨ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ 4 ᠰᠠᠷ᠎ᠠ ᠶᠢᠨ 24 ᠤ ᠡᠳᠦᠷ᠂ ᠬᠤᠩᠭᠤᠷ ᠪᠠᠯᠭᠠᠰᠤᠨ ᠤ ᠬᠤᠩ ᠰᠢᠶᠠ ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠪᠣᠯᠣᠨ ᠰᠠᠨᠰᠠᠷ ᠤᠨ ᠵᠢᠷᠭᠤᠳᠤᠭᠠᠷ ᠬᠦᠷᠢᠶᠡᠯᠡᠩ ᠤᠨ ᠬᠤᠩ ᠰᠢᠶᠠ ᠺᠣᠮᠫᠠᠨᠢ ᠵᠡᠷᠭᠡ ᠲᠣᠭᠤᠷᠢᠭ ᠲᠤ ᠰᠠᠭᠤᠭ᠎ᠠ ᠨᠢᠭᠡᠴᠢ ᠲᠠᠢ ᠬᠠᠮᠲᠤᠷᠠᠨ ᠰᠠᠨᠰᠠᠷ ᠤᠨ ᠠᠶᠠᠯᠠᠯ ᠤᠨ ᠡᠳᠦᠷ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠥᠷᠨᠢᠭᠦᠯᠪᠡ᠃ ᠴᠡᠷᠢᠭ ᠠᠩᠭᠢ ᠪᠠ ᠣᠷᠣᠨ ᠨᠤᠲᠤᠭ ᠬᠠᠮᠲᠤᠪᠠᠷ ᠪᠠᠶᠢᠭᠤᠯᠬᠤ ᠪᠠ ᠠᠵᠤ ᠠᠬᠤᠶᠢᠯᠠᠯ ᠭᠠᠵᠠᠷ ᠣᠷᠣᠨ ᠬᠠᠷᠢᠯᠴᠠᠨ ᠬᠤᠯᠪᠣᠭᠠᠯᠠᠬᠤ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠠᠬᠠᠮᠠᠳ ᠴᠡᠷᠢᠭ ᠵᠢᠴᠢ ᠴᠡᠷᠢᠭ ᠤᠨ ᠭᠡᠷ ᠪᠦᠯᠢ ᠶᠢᠨ ᠬᠢᠨ ᠳᠤ ᠬᠠᠶᠢᠷ᠎ᠠ ᠬᠠᠯᠠᠮᠵᠢ ᠬᠦᠷᠭᠡᠪᠡ᠃            ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠭᠤᠷᠢᠭ ᠲᠤ ᠰᠠᠭᠤᠭ᠎ᠠ ᠡᠮᠨᠡᠯᠭᠡ ᠶᠢᠨ ᠬᠤᠷᠢᠶ᠎ᠠ ᠬᠠᠷᠢᠶᠠᠲᠤ ᠣᠷᠣᠨ ᠤ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠭᠡᠷ ᠪᠦᠯᠢ ᠶᠢᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠡᠭᠦᠨ ᠳᠤ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠰᠢᠰᠲ᠋ᠧᠮ ᠪᠣᠯᠣᠨ ᠰᠢᠩᠭᠡᠭᠡᠯᠲᠡ ᠶᠢᠨ ᠰᠠᠯᠠᠭ᠎ᠠ ᠵᠡᠷᠭᠡ ᠡᠷᠡᠭᠦᠯ ᠮᠡᠨᠳᠦ ᠶᠢᠨ ᠪᠠᠶᠢᠴᠠᠭᠠᠯᠲᠠ ᠪᠠᠭᠲᠠᠨ᠎ᠠ︔ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠪᠣᠯᠪᠠᠰᠤᠷᠠᠩᠭᠤᠢ ᠦᠰᠦ ᠵᠠᠰᠠᠬᠤ ᠮᠡᠷᠭᠡᠵᠢᠯ ᠨᠢ ᠮᠠᠰᠢ ᠣᠯᠠᠨ ᠰᠠᠭᠤᠭᠠᠯᠢ ᠠᠷᠠᠳ ᠤᠨ ᠮᠥᠷᠯᠡᠨ ᠬᠦᠯᠢᠶᠡᠵᠦ ᠪᠠᠶᠢᠨ᠎ᠠ︔ ᠲᠣᠭᠤᠷᠢᠭ ᠲᠤ ᠰᠠᠭᠤᠭ᠎ᠠ ᠭᠠᠯ ᠤᠨᠲᠠᠷᠠᠭᠠᠬᠤ ᠠᠩᠭᠢ ᠶᠢᠨ ᠭᠡᠰᠢᠭᠦᠳ ᠰᠠᠭᠤᠭᠠᠯᠢ ᠠᠷᠠᠳ ᠲᠤ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠶᠡᠷᠦ ᠶᠢᠨ ᠮᠡᠳᠡᠯᠭᠡ ᠶᠢ ᠲᠠᠶᠢᠯᠪᠤᠷᠢᠯᠠᠵᠤ ᠥᠭᠪᠡ᠃ ᠡᠭᠦᠨ ᠠᠴᠠ ᠭᠠᠳᠠᠨ᠎ᠠ᠂ ᠪᠠᠰᠠ ᠴᠡᠷᠢᠭ ᠤᠨ ᠠᠯᠪᠠᠨ ᠠᠴᠠ ᠪᠠᠭᠤᠭᠰᠠᠨ ᠠᠬᠠᠮᠠᠳ ᠴᠡᠷᠢᠭ ᠪᠠ ᠴᠡᠷᠢᠭ ᠤᠨ ᠭᠡᠷ ᠪᠦᠯᠢ ᠶᠢᠨ ᠬᠢᠨ ᠳᠤ ᠤᠰᠤ ᠴᠠᠬᠢᠯᠭᠠᠨ ᠳᠤᠯᠠᠭᠠᠯᠠᠭ᠎ᠠ ᠶᠢ ᠰᠡᠯᠪᠢᠨ ᠵᠠᠰᠠᠬᠤ ᠬᠠᠶᠢᠷ᠎ᠠ ᠬᠠᠯᠠᠮᠵᠢ ᠶᠢᠨ ᠬᠠᠷᠢᠯᠴᠠᠬᠤ ᠺᠠᠷᠲ᠂ ᠡᠪᠡᠳᠴᠢᠨ ᠡᠮᠭᠡᠭ ᠢ ᠰᠡᠷᠭᠡᠶᠢᠯᠡᠬᠦ ᠭᠠᠷ ᠳᠡᠪᠲᠡᠷ ᠪᠠ ᠰᠠᠨᠰᠠᠷ ᠤᠨ ᠠᠶᠠᠯᠠᠯ ᠤᠨ ᠡᠳᠦᠷ ᠤᠨ ᠳᠤᠷᠠᠰᠬᠠᠯ ᠤᠨ ᠪᠣᠳᠠᠰ ᠲᠠᠷᠬᠠᠭᠠᠵᠤ᠂ ᠬᠠᠷᠢᠶᠠᠲᠤ ᠣᠷᠣᠨ ᠤ ᠴᠡᠷᠢᠭ ᠤᠨ ᠠᠯᠪᠠᠨ ᠠᠴᠠ ᠪᠠᠭᠤᠭᠰᠠᠨ ᠠᠬᠠᠮᠠᠳ ᠴᠡᠷᠢᠭ ᠵᠢᠴᠢ ᠴᠡᠷᠢᠭ ᠤᠨ ᠭᠡᠷ ᠪᠦᠯᠢ ᠶᠢᠨ  ᠬᠢᠨ ᠳᠤ ᠣᠨᠣᠪᠴᠢᠲᠠᠶ ᠦᠢᠯᠡᠴᠢᠯᠡᠪᠡ᠃            ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠭᠴᠢ᠂ ᠡᠮᠴᠢ ᠬᠠᠮᠲᠤᠷᠠᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠢᠴᠢ ᠴᠡᠷᠢᠭ ᠤᠨ ᠭᠡᠷ ᠪᠦᠯᠢ ᠶᠢᠨ ᠬᠢᠨ ᠤ ᠭᠡᠷ ᠲᠤ ᠬᠦᠷᠴᠦ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠰᠠᠶᠢᠨ ᠳᠤᠷ᠎ᠠ ᠶᠢᠨ ᠦᠢᠯᠡᠴᠢᠯᠡᠭᠡ ᠬᠦᠷᠭᠡᠪᠡ᠃ ᠬᠠᠮᠲᠤ ᠶᠠᠪᠤᠭ᠎ᠠ ᠡᠮᠴᠢ ᠨᠠᠷ ᠨᠠᠰᠤᠲᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠰᠢᠯᠭᠠᠨ ᠪᠠᠶᠢᠴᠠᠭᠠᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠢ ᠠᠰᠠᠭᠤᠵᠤ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠥᠭᠭᠦᠭᠰᠡᠨ ᠪᠠᠶᠢᠨ᠎ᠠ᠃ ᠬᠠᠯᠠᠭᠤᠨ ᠳᠤᠯᠠᠭᠠᠨ ᠴᠡᠷᠢᠭ ᠠᠩᠭᠢ ᠪᠠ ᠣᠷᠣᠨ ᠨᠤᠲᠤᠭ ᠤᠨ ᠬᠢᠨ ᠬᠠᠷᠢᠯᠴᠠᠨ ᠬᠥᠳᠡᠯᠦᠯᠴᠡᠵᠦ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠢᠴᠢ ᠴᠡᠷᠢᠭ ᠤᠨ ᠭᠡᠷ ᠪᠦᠯᠢ ᠶᠢᠨ ᠬᠢᠨ ᠳᠤ ᠭᠡᠷ ᠠᠴᠠ ᠪᠠᠨ ᠭᠠᠷᠬᠤ ᠦᠭᠡᠢ ᠪᠠᠷ ᠲᠤᠰᠬᠠᠢ ᠮᠡᠷᠭᠡᠵᠢᠯ᠂ ᠨᠠᠷᠢᠨ ᠨᠢᠮᠪᠠᠢ᠂ ᠪᠦᠷᠢᠨ ᠭᠦᠢᠴᠡᠳ ᠦᠢᠯᠡᠴᠢᠯᠡᠭᠡ ᠶᠢ ᠮᠡᠳᠡᠷᠡᠭᠦᠯᠦᠨ᠎ᠡ᠃          ᠳᠠᠷᠠᠭᠠᠴᠢ ᠶᠢᠨ ᠠᠯᠬᠤᠮ ᠳᠤ᠂ ᠬᠤᠩ ᠰᠢᠶᠠ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠴᠡᠷᠢᠭ ᠠᠩᠭᠢ ᠪᠠ ᠣᠷᠣᠨ ᠨᠤᠲᠤᠭ ᠤᠨ ᠰᠡᠳᠬᠢᠯ ᠢᠶᠠᠨ ᠨᠢᠭᠡᠳᠬᠡᠬᠦ ᠶᠢ ᠪᠠᠷᠢᠮᠲᠠᠯᠠᠵᠤ᠂ ︽ᠬᠤᠣᠰ ᠨᠠᠷᠢᠨ ᠲᠠᠩᠰᠠ︾ ᠶᠢᠨ ᠦᠢᠯᠡᠴᠢᠯᠡᠭᠡᠨ ᠤ ᠲᠣᠭᠤᠷᠢᠨ ᠳᠤ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠢᠴᠢ ᠴᠡᠷᠢᠭ ᠤᠨ ᠭᠡᠷ ᠪᠦᠯᠢ ᠶᠢ ᠦᠷᠭᠦᠯᠵᠢᠯᠡᠨ ᠪᠣᠯᠭᠤᠭᠠᠨ ᠲᠣᠬᠤᠨᠢᠭᠤᠯᠵᠤ᠂ ᠬᠠᠶᠢᠷ᠎ᠠ ᠬᠠᠯᠠᠮᠵᠢ ᠶᠢ ᠬᠦᠷᠭᠡᠵᠦ᠂ ᠴᠡᠷᠢᠭ ᠠᠴᠠ ᠬᠠᠯᠠᠭᠳᠠᠭᠰᠠᠳ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号