ᠰᠠᠶᠢᠬᠠᠨ ᠲᠣᠭᠤᠷᠢᠭ᠄  ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠳᠠᠯᠳᠤᠭᠠᠨ ᠤ ᠲᠣᠭᠤᠷᠢᠭ ᠲᠤ ᠣᠷᠣᠭᠤᠯᠡᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/4/29
     ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢᠨ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠳᠠᠯᠳᠤᠭᠠᠨ ᠤ ᠲᠣᠭᠤᠷᠢᠭ ᠲᠤ ᠣᠷᠣᠭᠤᠯᠬᠤ ᠦᠢᠯᠡᠴᠢᠯᠡᠭᠡᠨ ᠤ ᠠᠩᠭᠢ︾ ᠶᠢ ᠪᠠᠶᠢᠭᠤᠯᠤᠨ᠂ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ ᠬᠤᠣᠰ ᠴᠢᠭᠯᠡᠯ ᠢᠶᠠᠷ ᠬᠤᠯᠪᠣᠭᠠᠯᠠᠭᠰᠠᠨ ︽ᠬᠠᠪᠰᠤᠷᠤᠨ ᠭᠦᠶᠦᠵᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠭᠠᠷᠭᠠᠪᠠ᠃ ᠦᠢᠯᠡᠴᠢᠯᠡᠭᠡᠨ ᠤ ᠠᠩᠭᠢ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠰᠢᠢᠳᠪᠦᠷᠢᠯᠡᠬᠦ ᠳᠤ ︽ᠥᠴᠥᠬᠡᠨ ᠴᠦ ᠭᠦᠶᠦᠯᠭᠡᠬᠦ ᠦᠭᠡᠢ︾ ᠪᠠᠶᠢᠬᠤ ᠶᠢ ᠪᠡᠶᠡᠯᠡᠭᠦᠯᠪᠡ᠃              ᠣᠶᠢᠷ᠎ᠠ ᠳᠤ᠂ ᠵᠥᠩ ᠱᠠᠩ ᠳᠡᠯᠡᠬᠡᠢ ᠶᠢᠨ ᠬᠤᠳᠠᠯᠳᠤᠭᠠᠨ ᠤ ᠡᠷᠦᠬᠡ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠬᠠᠮᠢᠶ᠎ᠠ ᠪᠦᠬᠦᠢ ᠬᠡᠷᠡᠭᠴᠡᠭᠡ ᠱᠠᠭᠠᠷᠳᠠᠯᠭ᠎ᠠ ᠲᠠᠢ ᠪᠠᠶᠢᠵᠤ᠂ ᠬᠤᠳᠠᠯᠳᠤᠭᠠᠨ ᠤ ᠲᠣᠭᠤᠷᠢᠭ ᠤᠨ ᠦᠢᠯᠡᠴᠢᠯᠡᠭᠡᠨ ᠤ ᠰᠦᠷᠦᠭᠵᠢᠯ ᠳᠤ ᠬᠠᠪᠰᠤᠷᠤᠯᠭ᠎ᠠ ᠦᠵᠡᠭᠦᠯᠬᠦ ᠶᠢᠨ ᠬᠠᠮᠲᠤ ᠬᠠᠮᠢᠶ᠎ᠠ ᠪᠦᠬᠦᠢ ᠦᠨᠡᠮᠯᠡᠯ ᠭᠦᠢᠴᠡᠳᠬᠡᠬᠦ ᠶᠠᠪᠤᠴᠠ ᠶᠢ ᠠᠰᠠᠭᠤᠨ ᠯᠠᠪᠯᠠᠪᠠ᠃ ᠬᠤᠳᠠᠯᠳᠤᠭᠠᠨ ᠤ ᠬᠦᠷᠢᠶᠡᠨ ᠤ ᠦᠢᠯᠡᠴᠢᠯᠡᠭᠡᠨ ᠤ ᠠᠩᠭᠢ ᠶᠢᠨ ᠠᠵᠢᠯᠲᠠᠳ ᠠᠵᠤ ᠠᠬᠤᠶᠢᠯᠠᠯ ᠤᠨ ᠸᠢᠴᠠᠲ ᠳᠤ ᠲᠦᠰᠢᠭᠯᠡᠨ ᠠᠵᠤ ᠠᠬᠤᠶᠢᠯᠠᠯ ᠳᠤ ᠴᠠᠭ ᠲᠤᠬᠠᠢ ᠳᠤᠨᠢ ᠬᠠᠪᠰᠤᠷᠤᠯᠭ᠎ᠠ ᠦᠵᠡᠭᠦᠯᠪᠡ᠃              ᠭᠦᠢᠴᠡᠳᠬᠡᠬᠦ ᠶᠠᠪᠤᠴᠠ ᠳᠤ᠂ ᠦᠢᠯᠡᠴᠢᠯᠡᠭᠡᠨ ᠤ ᠠᠩᠭᠢ ᠶᠢᠨ ᠠᠵᠢᠯᠲᠠᠳ ᠪᠥᠬᠦ ᠶᠠᠪᠤᠴᠠ ᠶᠢᠨ ᠰᠦᠯᠵᠢᠶᠡᠨ ᠳᠡᠭᠡᠷᠡᠬᠢ ᠵᠢᠯᠣᠭᠤᠳᠤᠯᠭ᠎ᠠ ᠬᠠᠩᠭᠠᠵᠤ᠂ ᠡᠯ᠎ᠡ ᠲᠥᠷᠥᠯ ᠤᠨ ᠬᠦᠰᠦᠨᠦᠭᠲᠦ ᠶᠢ ᠬᠠᠮᠵᠢᠨ ᠲᠠᠭᠯᠠᠵᠤ᠂ ᠠᠵᠤ ᠠᠬᠤᠶᠢᠯᠠᠯ ᠢ ᠭᠡᠷ ᠠᠴᠠ ᠪᠠᠨ ᠭᠠᠷᠬᠤ ᠦᠭᠡᠢ ᠪᠠᠶᠢᠳᠠᠯ ᠳᠣᠣᠷ᠎ᠠ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠶᠢ ᠤᠷᠤᠭᠰᠢᠲᠠᠢ ᠪᠡᠶᠡᠯᠡᠭᠦᠯᠪᠡ᠃ ᠶᠡᠷᠦᠩᠬᠡᠶᠢᠯᠡᠭᠰᠡᠨ ᠭᠡᠷᠡᠴᠢ ᠭᠠᠷᠭᠠᠬᠤ ᠴᠣᠩᠬᠤ ᠪᠠᠷ ᠭᠡᠷᠡᠴᠢ ᠭᠠᠷᠭᠠᠭᠰᠠᠨ ᠤ ᠳᠠᠷᠠᠭ᠎ᠠ᠂ ᠬᠠᠶᠢᠨ ᠰᠢᠯᠭᠠᠬᠤ ᠠᠩᠭᠢ ᠶᠢᠨ ᠭᠡᠰᠢᠭᠦᠳ ᠵᠠᠮ ᠱᠤᠭᠤᠮ ᠢᠶᠠᠨ ᠵᠦᠢ ᠵᠣᠬᠢᠰᠲᠠᠢ ᠲᠥᠯᠥᠪᠵᠢᠭᠦᠯᠵᠦ᠂ ᠬᠤᠳᠠᠯᠳᠤᠭᠠᠨ ᠤ ᠲᠣᠭᠤᠷᠢᠭ ᠤᠨ ᠣᠶᠢᠷ᠎ᠠ ᠬᠠᠪᠢ ᠶᠢᠨ ᠬᠠᠶᠢᠨ ᠰᠢᠯᠭᠠᠬᠤ ᠡᠭᠦᠷᠭᠡ ᠪᠠᠨ ᠪᠡᠶᠡᠯᠡᠭᠦᠯᠬᠦ ᠦᠶ᠎ᠡ ᠳᠤ ᠦᠨᠡᠮᠯᠡᠯ ᠢᠶᠠᠨ ᠭᠡᠷ ᠲᠤᠨᠢ ᠬᠦᠷᠭᠡᠬᠦ ᠶᠢᠨ ᠬᠠᠮᠲᠤ ᠮᠡᠳᠡᠭᠦᠯᠦᠭᠰᠡᠨ ᠮᠠᠲ᠋ᠧᠷᠢᠶᠠᠯ ᠢᠶᠠᠨ ᠠᠪᠴᠤ ᠪᠤᠴᠠᠭᠠᠨ᠎ᠠ᠃            ᠡᠶᠢᠮᠦᠷᠬᠦ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠣᠰ ᠴᠢᠭᠯᠡᠯ ᠢᠶᠠᠷ ᠬᠠᠮᠲᠤᠷᠠᠨ ︽ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠨᠢ ᠣᠯᠠᠨ ᠲᠦᠮᠡᠨ ᠤ ︽0  ᠪᠠᠷ ᠭᠦᠶᠦᠬᠦ︾  ᠪᠠᠷ ᠠᠵᠢᠯ ᠶᠠᠪᠤᠳᠠᠯ ᠪᠦᠲᠦᠭᠡᠬᠦ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠳᠠᠯᠳᠤᠭᠠᠨ ᠤ ᠲᠣᠭᠤᠷᠢᠭ ᠲᠤ ᠣᠷᠣᠬᠤ ᠦᠢᠯᠡᠴᠢᠯᠡᠭᠡᠨ ᠤ ᠴᠢᠳᠠᠪᠤᠷᠢ ᠶᠢ ᠬᠠᠮᠤᠭ ᠤᠨ ᠶᠡᠭᠡ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠲᠤᠶᠢᠯ ᠤᠨ ᠶᠡᠭᠡ ᠪᠠᠷ ᠬᠠᠩᠭᠠᠭᠰᠠᠨ ᠪᠠᠶᠢᠨ᠎ᠠ᠃              ᠠᠵᠤ ᠠᠬᠤᠶᠢᠯᠠᠯ ᠤᠨ ᠲᠥᠯᠥᠭᠡᠯᠡᠭᠴᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠩᠭᠢ ᠳᠤ ᠬᠡᠮᠡᠷᠯᠢᠭ ᠲᠤᠭ ᠬᠦᠷᠭᠡᠪᠡ             ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠦᠵᠡᠬᠦ ᠳᠤ ᠥᠴᠥᠬᠡᠨ ᠴᠦ ᠪᠢᠴᠢᠯ ᠬᠠᠪᠰᠤᠷᠤᠨ ᠭᠦᠢᠴᠡᠳᠬᠡᠬᠦ ᠵᠦᠢᠯᠡᠰ ᠠᠴᠠ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡᠨ ᠤ ᠵᠠᠭᠪᠤᠷ ᠲᠤ ᠢᠳᠡᠪᠬᠢᠲᠡᠢ ᠪᠠᠷ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠣᠯᠠᠨ ᠲᠦᠮᠡᠨ ᠳᠤ ᠰᠠᠨᠠᠭᠠᠴᠢᠯᠠᠭ᠎ᠠ ᠠᠴᠠ ᠪᠠᠨ ᠪᠥᠬᠦ ᠲᠠᠯ᠎ᠠ ᠶᠢᠨ᠂ ᠨᠠᠷᠢᠯᠢᠭ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠷᠠᠳ ᠤᠨ ᠠᠮᠢᠳᠤᠷᠠᠯ ᠲᠠᠢ ᠨᠠᠩ ᠣᠶᠢᠷᠠᠲᠤᠭᠤᠯᠵᠤ᠂ ᠬᠥᠮᠥᠰ ᠤᠨ ᠰᠡᠳᠬᠢᠯ ᠢ ᠨᠠᠩ ᠨᠠᠩ ᠳᠤᠯᠠᠭᠠᠴᠠᠭᠤᠯᠤᠨ᠎ᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号