ᠳᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠲᠠᠮᠢᠷ ᠤᠨ ᠴᠤᠭᠯᠠᠭᠠᠨ ᠡᠬᠢᠯᠡᠯ᠎ᠡ
ᠨᠡᠶᠢᠲᠡᠯᠡᠭᠰᠡᠨ ᠴᠠᠭ᠄
2024/4/29
     ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠲᠠᠮᠢᠷ ᠤᠨ ᠴᠤᠭᠯᠠᠭᠠᠨ 23 ᠤ ᠡᠳᠦᠷ ᠤᠯᠠᠭᠠᠨᠴᠠᠪ ᠬᠤᠲᠠ ᠳᠤ ᠡᠬᠢᠯᠡᠵᠦ᠂ 7 ᠰᠠᠷ᠎ᠠ ᠪᠤᠯᠲᠠᠯ᠎ᠠ ᠤᠯᠠᠭᠠᠨᠴᠠᠪ ᠬᠤᠲᠠ ᠳᠤ ᠶᠠᠪᠤᠭᠳᠠᠬᠤ ᠪᠣᠯᠣᠨ᠎ᠠ᠃      ᠡᠭᠢᠯᠡᠯᠳᠡ ᠶᠢᠨ ᠶᠣᠰᠣᠯᠠᠯ ᠳᠡᠭᠡᠷ᠎ᠡ᠂ ᠲᠠᠮᠢᠷᠴᠢᠨ᠂ ᠳᠠᠰᠬᠠᠯᠵᠢᠭᠤᠯᠤᠭᠴᠢ᠂ ᠬᠢᠨᠠᠭᠴᠢ ᠶᠢᠨ ᠲᠥᠯᠥᠭᠡᠯᠡᠭᠴᠢ ᠳᠡᠰ ᠳᠠᠷᠠᠭ᠎ᠠ ᠲᠠᠢ ᠪᠠᠷ ᠲᠠᠩᠭᠠᠷᠢᠭᠯᠠᠭᠰᠠᠨ ᠪᠥᠭᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠬᠥᠯ ᠪᠥᠮᠪᠦᠭᠡ ᠶᠢᠨ ᠤᠷᠤᠯᠳᠤᠭᠠᠨ ᠢ ᠡᠬᠢᠯᠡᠭᠦᠯᠵᠡᠢ᠃      ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠬᠦᠨᠳᠦ ᠬᠥᠩᠭᠡᠨ ᠪᠡᠶ᠎ᠡ ᠶᠢᠨ ᠲᠠᠮᠢᠷ᠂ ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ᠂ ᠫᠢᠩᠫᠠᠩ ᠪᠥᠮᠪᠦᠭᠡ᠂ ᠲᠣᠣᠷ ᠪᠥᠮᠪᠦᠭᠡ᠂ ᠵᠡᠪᠰᠡᠭ ᠤᠨ ᠡᠷᠳᠡᠮ᠂ ᠭᠤᠸᠠᠵᠢᠯ ᠤᠨ ᠲᠠᠮᠢᠷ᠂ ᠳᠡᠭᠡᠰᠦ ᠦᠰᠦᠷᠬᠦ᠂ ᠪᠦᠭᠡ ᠪᠠᠷᠢᠯᠳᠤᠬᠤ ᠵᠡᠷᠭᠡ 10 ᠶᠡᠭᠡ ᠲᠦᠷᠦᠯ ᠤᠨ 170 ᠵᠦᠢᠯ ᠲᠣᠬᠢᠷᠠᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠭᠡᠵᠦ ᠬᠤᠪᠢᠶᠠᠭᠰᠠᠨ ᠪᠥᠭᠡᠳ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠯᠢᠳᠡᠭ ᠵᠢᠱᠢᠶ᠎ᠡ ᠶᠢ ᠰᠢᠯᠭᠠᠷᠠᠭᠤᠯᠤᠭᠰᠠᠨ ᠦᠷ᠎ᠡ ᠳ᠋ᠦᠩ ᠢ ᠠᠩᠬ᠎ᠠ ᠤᠳᠠᠭ᠎ᠠ ᠲᠠᠮᠢᠷ ᠤᠨ ᠴᠤᠭᠯᠠᠭᠠᠨ ᠤ ᠶᠡᠷᠦᠩᠬᠡᠢ ᠬᠤᠪᠢ ᠳᠤ ᠣᠷᠣᠭᠤᠯᠵᠠᠢ᠃ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ   ᠠᠴᠠ ᠢᠷᠡᠭᠰᠡᠨ ᠲᠦᠮᠡ ᠰᠢᠬᠠᠮ ᠪᠠᠭᠰᠢ ᠰᠤᠷᠤᠬᠴᠢᠳ ᠡᠯ᠎ᠡ ᠵᠦᠢᠯ ᠤᠨ ᠤᠷᠤᠯᠳᠤᠭᠠᠨ ᠪᠠ ᠠᠵᠢᠯᠯᠠᠭ᠎ᠠ ᠳᠤ ᠣᠷᠣᠯᠴᠠᠵᠤ᠂ ᠥᠩᠭᠡᠷᠡᠭᠰᠡᠨ ᠤ ᠬᠤᠭᠤᠴᠠᠭ᠎ᠠ ᠪᠦᠷᠢ ᠶᠢᠨ ᠴᠤᠭᠯᠠᠭᠠᠨ ᠠᠴᠠ ᠬᠡᠪᠴᠢᠶ᠎ᠡ ᠪᠠᠷ ᠬᠠᠮᠤᠭ ᠤᠨ ᠶᠡᠭᠡ ᠨᠢᠭᠡ ᠬᠤᠭᠤᠴᠠᠭ᠎ᠠ ᠪᠣᠯᠣᠨ᠎ᠠ᠃      ᠣᠶᠢᠯᠠᠭᠠᠭᠰᠠᠨ ᠢᠶᠠᠷ᠂ ᠳᠠᠭᠠᠭᠠᠨ ᠭᠦᠢᠴᠡᠳᠬᠡᠬᠦ ᠡᠭᠦᠷᠭᠡ ᠶᠢ ᠭᠥᠯᠢᠶᠡᠨ ᠠᠪᠤᠭᠰᠠᠨ ᠠᠴᠠ ᠨᠠᠭᠠᠰᠢ᠂ ᠤᠯᠠᠭᠠᠨᠴᠠᠪ ᠬᠤᠲᠠ ᠶᠢᠨ ᠬᠢᠨ︽ᠪᠦᠭᠦ ᠬᠤᠲᠠ ᠶᠢᠨ ᠬᠦᠴᠦᠨ ᠢ ᠳᠠᠶᠢᠴᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠬᠦ︾ ᠤᠷᠤᠯᠳᠤᠭᠠᠨ ᠡᠷᠭᠢᠯᠡᠭᠦ ᠰᠡᠳᠬᠢᠴᠡ ᠪᠠ︽ᠲᠡᠷᠢᠭᠦᠨ ᠤ ᠲᠠᠯᠠᠪᠠᠶ ᠣᠷᠳᠣᠨ ᠤ ᠲᠥᠬᠦᠭᠡᠷᠦᠮᠵᠢ᠂ ᠲᠡᠷᠢᠭᠦᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ᠂ ᠲᠡᠷᠢᠭᠦᠨ ᠤ ᠤᠷᠤᠯᠳᠤᠭᠠᠨ ᠤ ᠬᠢᠷᠢ ᠪᠦᠲᠦᠮᠵᠢ᠂ ᠲᠡᠷᠢᠭᠦᠨ ᠤ ᠰᠤᠷᠭᠠᠨ ᠬᠥᠮᠦᠵᠢᠯ ᠤᠨ ᠳᠦᠷᠢ ᠲᠥᠷᠬᠦ︾ ᠭᠡᠬᠦ ᠤᠷᠤᠯᠳᠤᠭᠠᠨ ᠡᠷᠭᠢᠯᠡᠭᠦ ᠱᠠᠭᠠᠷᠳᠠᠯᠭ᠎ᠠ ᠶᠢ ᠪᠠᠷᠢᠮᠲᠠᠯᠠᠨ᠂ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠲᠠᠮᠢᠷ ᠤᠨ ᠦᠪᠡᠳᠡᠭᠰᠢ ᠳᠠᠶᠢᠯᠠᠯᠭ᠎ᠠ ᠶᠢ ᠳᠡᠯᠭᠡᠨ ᠦᠵᠡᠭᠦᠯᠭᠦ ᠪᠠᠷ ᠴᠢᠷᠮᠠᠶᠢᠵᠤ ᠪᠠᠶᠢᠨ᠎ᠠ᠃      ᠲᠣᠰ ᠬᠤᠭᠤᠴᠠᠭᠠᠨ ᠤ ᠲᠠᠮᠢᠷ ᠤᠨ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠭᠤᠣᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠵᠡᠢ᠃      ︵ᠢᠷᠡᠯᠲᠡ᠄ ᠰᠢᠨᠬᠤᠸᠠ ᠰᠦᠯᠵᠢᠶ᠎ᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号