ᠪᠦᠭᠦ ᠣᠷᠣᠨ ᠤ 2024 ᠣᠨ ᠤ ᠪᠡᠶ᠎ᠡ ᠶᠢᠨ ᠲᠠᠮᠢᠷ ᠤᠨ ᠨᠢᠭᠡᠳᠦᠯᠲᠡᠢ ᠰᠢᠯᠭᠠᠯᠲᠠ ᠡᠬᠢᠯᠡᠪᠡ
ᠨᠡᠶᠢᠲᠡᠯᠡᠭᠰᠡᠨ ᠴᠠᠭ᠄
2024/4/29
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠨᠢ᠂ ᠪᠦᠭᠦ ᠣᠷᠣᠨ ᠤ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ 4 ᠰᠠᠷ᠎ᠠ ᠶᠢᠨ 22 ᠤᠨ ᠡᠳᠦᠷ ᠣᠷᠳᠣᠰ ᠲᠤ ᠡᠬᠢᠯᠡᠪᠡ᠂ ᠲᠤᠬᠠᠢ ᠶᠢᠨ ᠡᠳᠦᠷ ᠣᠷᠳᠣᠰ ᠬᠤᠲᠠ ᠪᠠ ᠪᠠᠶᠠᠨᠨᠠᠭᠤᠷ ᠬᠤᠲᠠ ᠶᠢᠨ ᠨᠡᠶᠢᠲᠡ 400 ᠰᠢᠬᠠᠮ ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠬᠦᠷᠴᠦ ᠰᠢᠯᠭᠠᠯᠲᠠ ᠳᠤ ᠣᠷᠣᠯᠴᠠᠪᠠ᠂ ᠡᠨᠡ ᠨᠢ 2024 ᠣᠨ ᠤ ᠪᠡᠶ᠎ᠡ ᠶᠢᠨ ᠲᠠᠮᠢᠷ ᠤᠨ ᠨᠢᠭᠡᠳᠦᠯᠲᠡᠢ ᠰᠢᠯᠭᠠᠯᠲᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠪᠦᠭᠦ ᠣᠷᠣᠨ ᠤ ᠨᠡᠶᠢᠲᠡ 7000 ᠭᠠᠷᠤᠢ ᠰᠢᠯᠭᠠᠭᠤᠯᠤᠭᠴᠢ ᠲᠣᠰ ᠤᠳᠠᠭᠠᠨ ᠤ ᠰᠢᠯᠭᠠᠯᠲᠠ ᠳᠤ ᠣᠷᠤᠯᠴᠠᠬᠤ ᠪᠠᠷ ᠨᠡᠷ᠎ᠡ ᠮᠡᠳᠡᠭᠦᠯᠵᠦ᠂ ᠰᠢᠯᠭᠠᠯᠲᠠ ᠶᠢᠨ ᠴᠡᠭ ᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠲᠤ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠠᠴᠠ ᠵᠣᠬᠢᠶᠠᠨ ᠪᠠᠶᠢᠭᠤᠯᠤᠨ ᠬᠠᠮᠢᠶᠠᠷᠴᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠪᠣᠳᠠᠲᠠᠢ ᠬᠡᠷᠡᠭᠵᠢᠭᠦᠯᠦᠨ᠎ᠡ᠃      ᠲᠣᠰ ᠤᠳᠠᠭᠠᠨ ᠤ ᠰᠢᠯᠭᠠᠯᠲᠠ ᠳᠤ ᠨᠡᠶᠢᠲᠡ 100 ᠮᠧᠲᠷ ᠤᠨ ᠭᠦᠶᠦᠯᠲᠡ᠂ ᠵᠣᠭᠰᠤᠭ᠎ᠠ ᠭᠤᠷᠪᠠᠨ ᠠᠯᠬᠤᠮᠲᠤ ᠬᠠᠷᠠᠶᠢᠯᠲᠠ᠂ ᠰᠢᠷᠡᠮᠦᠨ ᠪᠥᠮᠪᠦᠭᠡ ᠰᠢᠳᠡᠬᠦ᠂ 800 ᠮᠧᠲᠷ ᠤᠨ ᠭᠦᠶᠦᠯᠲᠡ ᠵᠡᠷᠭᠡ ᠳᠥᠷᠪᠡᠨ ᠵᠦᠢᠯ ᠤᠨ ᠰᠢᠯᠭᠠᠯᠲᠠ ᠶᠢᠨ ᠲᠥᠷᠥᠯ ᠲᠣᠬᠢᠷᠠᠭᠤᠯᠵᠤ᠂ ᠡᠯ᠎ᠡ ᠲᠥᠷᠥᠯ ᠤᠨ ᠪᠦᠷᠢᠨ ᠬᠤᠪᠢ ᠨᠢ ᠴᠥᠮ 25 ᠬᠤᠪᠢ ᠪᠠᠶᠢᠵᠤ᠂ ᠰᠢᠯᠭᠠᠯᠲᠠ ᠶᠢᠨ ᠶᠡᠷᠦᠩᠬᠡᠢ ᠬᠤᠪᠢ ᠨᠢ ᠳᠥᠷᠪᠡᠨ ᠲᠦᠷᠦᠯ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠠᠷᠠᠭᠠᠯᠵᠠᠭᠰᠠᠨ ᠬᠤᠪᠢ ᠶᠢᠨ ᠨᠡᠶᠢᠯᠡᠪᠦᠷᠢ ᠪᠠᠶᠢᠵᠤ᠂ ᠪᠦᠷᠢᠨ ᠬᠤᠪᠢ ᠨᠢ 100 ᠬᠤᠪᠢ ᠪᠣᠯᠣᠨ᠎ᠠ᠃      ᠲᠣᠰ ᠤᠳᠠᠭᠠᠨ ᠤ ᠰᠢᠯᠭᠠᠯᠲᠠ ᠳᠤ ᠠᠳᠠᠯᠢ ᠨᠢᠭᠡᠨ ᠬᠢᠨᠠᠭᠴᠢ ᠶᠢᠨ ᠪᠦᠯᠭᠦᠮ᠂ ᠠᠳᠠᠯᠢ ᠨᠢᠭᠡᠨ ᠰᠢᠯᠭᠠᠯᠲᠠ ᠶᠢᠨ ᠲᠠᠯᠠᠪᠤᠷ ᠣᠷᠳᠣᠨ᠂ ᠠᠳᠠᠯᠢᠬᠠᠨ ᠠᠭᠠᠷ ᠤᠨ ᠳᠤᠯᠠᠭᠠᠨ ᠤ ᠣᠷᠴᠢᠨ ᠲᠣᠭᠤᠷᠢᠨ ᠲᠣᠬᠢᠷᠠᠭᠤᠯᠵᠤ᠂ ᠰᠠᠯᠬᠢ ᠪᠣᠷᠣᠭᠠᠨ ᠤ ᠰᠢᠯᠭᠠᠯᠲᠠ ᠳᠤ ᠦᠵᠡᠭᠦᠯᠭᠦ ᠨᠥᠯᠥᠭᠡ ᠶᠢ ᠦᠭᠡᠶᠢᠰᠬᠡᠵᠦ᠂ ᠰᠢᠯᠭᠠᠭᠤᠯᠤᠭᠴᠢ ᠶᠢᠨ ᠬᠡᠪ ᠤᠨ ᠬᠢᠷᠢ ᠲᠦᠪᠰᠢᠨ ᠢᠶᠠᠨ ᠪᠠᠳᠠᠷᠠᠭᠤᠯᠬᠤ ᠶᠢ ᠪᠠᠲᠤᠯᠠᠭᠰᠠᠨ ᠪᠠᠶᠢᠨ᠎ᠠ; ᠬᠥᠮᠦᠯᠢᠭ ᠬᠠᠯᠠᠮᠵᠢᠯᠠᠯ ᠦᠵᠡᠭᠦᠯᠭᠦ ᠡᠭᠦᠳᠡᠨ  ᠠᠴᠠ᠂ ᠲᠣᠭᠲᠠᠭᠰᠠᠨ ᠴᠠᠭ ᠲᠤ ᠰᠢᠯᠭᠠᠭᠤᠯᠤᠭᠴᠢ ᠶᠢ ᠰᠢᠯᠭᠠᠯᠲᠠ ᠶᠢᠨ ᠲᠠᠯᠠᠪᠤᠷ ᠲᠤ ᠣᠷᠣᠭᠤᠯᠤᠨ ᠵᠣᠬᠢᠴᠠᠬᠤ ᠴᠢᠨᠠᠷᠲᠠᠢ ᠪᠣᠯᠪᠠᠰᠤᠷᠠᠯ ᠭᠢᠯᠭᠡᠵᠦ᠂ ᠰᠢᠷᠬᠠᠲᠤᠭᠰᠠᠨ ᠰᠢᠯᠭᠠᠭᠤᠯᠤᠭᠴᠢ ᠶᠢᠨ ᠰᠢᠯᠭᠠᠯᠲᠠ ᠶᠢ ᠬᠤᠶᠢᠰᠢᠯᠠᠭᠤᠯᠬᠤ ᠪᠠᠷ ᠭᠤᠶᠤᠴᠢᠯᠠᠬᠤ ᠶᠢ ᠵᠥᠪᠰᠢᠶᠡᠷᠡᠵᠦ᠂ ᠪᠤᠰᠤᠳ ᠰᠢᠯᠭᠠᠯᠲᠠ ᠲᠠᠢ ᠳᠠᠪᠬᠤᠴᠠᠭᠰᠠᠨ ᠰᠢᠯᠭᠠᠭᠤᠯᠤᠭᠴᠢ ᠳᠤ ᠰᠢᠯᠭᠠᠯᠲᠠ ᠶᠢᠨ ᠡᠳᠦᠷ ᠬᠤᠭᠤᠴᠠᠭ᠎ᠠ ᠶᠢ ᠳᠠᠭᠢᠵᠤ ᠲᠣᠬᠢᠷᠠᠭᠤᠯᠤᠨ ᠥᠭᠴᠦ᠂ ᠪᠤᠶ ᠪᠦᠬᠦᠢ ᠰᠢᠯᠭᠠᠭᠤᠯᠤᠭᠴᠢ ᠳᠤ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠢ ᠨᠢᠭᠡᠳᠦᠯᠲᠡᠢ ᠬᠤᠳᠠᠯᠳᠤᠨ ᠠᠪᠴᠤ ᠥᠭᠪᠡ; ᠰᠢᠯᠭᠠᠯᠲᠠ ᠶᠢᠨ ᠪᠦᠭᠦ ᠶᠠᠪᠤᠴᠠ ᠳᠤ ᠲᠠᠭᠤ ᠳᠦᠷᠰᠦ ᠰᠢᠩᠭᠡᠭᠡᠯᠲᠡ ᠬᠢᠵᠦ᠂ ᠰᠢᠯᠭᠠᠯᠲᠠ ᠶᠢᠨ ᠪᠦᠭᠦ ᠶᠠᠪᠤᠴᠠ ᠶᠢ ᠰᠡᠷᠭᠦᠭᠡᠨ ᠦᠵᠡᠬᠦ  ᠶᠢ ᠦᠨᠡᠨ ᠬᠦ ᠪᠠᠲᠤᠯᠠᠵᠤ ᠪᠤᠢ; ᠰᠠᠬᠢᠯᠭ᠎ᠠ ᠪᠠᠲᠤ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠲᠣᠭᠤᠷᠢᠨ ᠰᠢᠯᠭᠠᠬᠤ ᠠᠵᠢᠯ ᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠴᠤ᠂ ᠪᠤᠶ ᠪᠦᠬᠦᠢ ᠰᠢᠯᠭᠠᠯᠲᠠ ᠶᠢᠨ ᠠᠵᠢᠯᠲᠠᠨ ᠤ ᠰᠢᠯᠭᠠᠯᠲᠠ ᠶᠢᠨ ᠬᠤᠭᠤᠴᠠᠭᠠᠨ ᠳᠠᠬᠢ ᠪᠦᠭᠦ ᠶᠠᠪᠤᠴᠠ ᠶᠢ ᠪᠢᠲᠡᠭᠦᠮᠵᠢᠯᠡᠭᠰᠡᠨ ᠮᠠᠶ᠋ᠢᠭ ᠢᠶᠠᠷ ᠬᠠᠮᠢᠶᠠᠷᠴᠤ ᠪᠤᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号