ᠭᠦᠭᠡᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠬᠢᠨᠠᠨ ᠬᠡᠮᠵᠢᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/4/29
     ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠯᠲᠡ ᠶᠢ ᠲᠦᠷᠭᠡᠳᠬᠡᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠭᠡᠯᠪᠡᠷᠢ ᠨᠢ ᠲᠠᠩ ᠴᠤᠯᠭᠤᠢ᠂ ᠮᠡᠳᠡᠭᠡ ᠵᠠᠩᠭᠢ ᠶᠢᠨ ᠲᠤᠰᠬᠠᠯ ᠨᠢ ᠬᠤᠴᠤᠷᠤᠩᠭᠤᠢ ᠵᠡᠷᠭᠡ ᠠᠰᠠᠭᠤᠳᠠᠯ ᠳᠤ ᠴᠢᠭᠯᠡᠭᠦᠯᠦᠨ᠂ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠨ ᠤᠨᠲᠠᠷᠠᠭᠠᠬᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠢᠰᠲ᠋ᠧᠮ ᠳᠤ ᠲᠦᠰᠢᠭᠯᠡᠨ᠂ ᠡᠨᠡ ᠵᠢᠯ  ᠤᠨ 1 ᠰᠠᠷ᠎ᠠ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠬᠢᠨᠠᠨ ᠬᠡᠮᠵᠢᠬᠦ ᠬᠠᠮᠢᠶᠠᠷᠤᠯᠲᠠ ᠶᠢᠨ ᠲᠠᠪᠴᠠᠩ ᠤᠨ ᠦᠢᠯᠡᠴᠢᠯᠡᠭᠡᠨ ᠤ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠵᠦ᠂ ᠣᠳᠣᠬᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠶᠢ ᠬᠢᠨᠠᠨ ᠬᠡᠮᠵᠢᠬᠦ ᠬᠠᠮᠢᠶᠠᠷᠤᠯᠲᠠ ᠶᠢᠨ ᠲᠠᠪᠴᠠᠩ ︵ᠨᠢᠭᠡᠳᠦᠭᠡᠷ ᠬᠤᠭᠤᠴᠠᠭ᠎ᠠ︶ ᠢ ᠨᠢᠭᠡᠨᠲᠡ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃      ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠬᠢᠨᠠᠨ ᠬᠡᠮᠵᠢᠬᠦ ᠬᠠᠮᠢᠶᠠᠷᠤᠯᠲᠠ ᠶᠢᠨ ᠲᠠᠪᠴᠠᠩ  ᠤᠨ ᠦᠢᠯᠡᠴᠢᠯᠡᠭᠡᠨ ᠤ ᠲᠥᠷᠥᠯ ᠵᠦᠢᠯ ᠨᠢ ︽ᠬᠤᠶᠠᠷ ᠬᠠᠯᠬᠠᠪᠴᠢ ᠳᠥᠷᠪᠡᠨ ᠪᠦᠰᠡ︾ ᠶᠢᠨ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠪᠠ ᠭᠦᠭᠡᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠪᠦᠰᠡ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭᠲᠦ ᠪᠦᠰᠡ ᠶᠢ ᠭᠤᠣᠯᠳᠠᠯᠭ᠎ᠠ ᠲᠠᠢ ᠣᠷᠣᠨ ᠪᠦᠰᠡ ᠪᠤᠯᠭᠠᠵᠤ ᠲᠤᠷᠰᠢᠯᠲᠠ ᠶᠢᠨ ᠴᠡᠭ ᠪᠣᠯᠭᠠᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠪᠠ᠃ ᠣᠲᠣ ᠶᠢᠨ ᠪᠠᠶᠢᠭ᠎ᠠ 12 ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠯᠲᠡ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠡᠭᠦᠳᠡᠷᠯᠡᠬᠦ ᠮᠠᠰᠢᠨ ᠢ ᠠᠰᠢᠭᠯᠠᠬᠤ  ᠶᠢᠨ ᠬᠠᠮᠲᠤ᠂ 12 ᠰᠤᠪᠤᠷᠭ᠎ᠠ ᠶᠢᠨ ᠬᠢᠨᠠᠨ ᠡᠵᠡᠮᠳᠡᠬᠦ ᠴᠡᠭ ᠪᠠᠶᠢᠷᠢ ᠶᠢ ᠰᠢᠨ᠎ᠡ ᠪᠠᠷ ᠨᠡᠮᠡᠵᠦ᠂ ᠬᠢᠨᠠᠨ ᠡᠵᠡᠮᠳᠡᠬᠦ ᠲᠠᠯᠠᠪᠠᠶ ᠨᠢ ᠭᠤᠣᠯᠳᠠᠯᠭ᠎ᠠ ᠲᠠᠢ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠠᠯᠠᠪᠠᠶ ᠶᠢᠨ 85%  ᠠᠴᠠ ᠳᠡᠭᠡᠭᠰᠢᠬᠢ ᠶᠢ ᠬᠠᠮᠤᠷᠤᠭᠤᠯᠬᠤ ᠪᠣᠯᠣᠨ᠎ᠠ᠃ ᠲᠤᠰ ᠰᠢᠰᠲ᠋ᠧᠮ ᠨᠢ ᠬᠢᠨᠠᠨ ᠡᠵᠡᠮᠳᠡᠬᠦ ᠴᠡᠭ ᠤᠨ ᠣᠷᠣᠨ ᠪᠠᠶᠢᠷᠢ  ᠶᠢᠨ ᠬᠡᠪᠴᠢᠶ᠎ᠡ ᠶᠢ ᠬᠡᠰᠡᠭ ᠬᠤᠪᠢᠶᠠᠵᠤ᠂ ᠬᠠᠷᠢᠭᠤᠴᠠᠯᠭ᠎ᠠ ᠶᠢ ᠬᠥᠮᠥᠨ ᠨᠢᠭᠡ ᠪᠦᠷᠢ ᠳᠤ ᠨᠠᠶᠢᠳᠠᠪᠤᠷᠢᠵᠢᠭᠤᠯᠬᠤ᠂ ᠲᠣᠥᠷᠵᠢᠭᠤᠯᠤᠨ ᠬᠠᠮᠢᠶᠠᠷᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯ ᠰᠦᠷᠦᠭ ᠢ ᠤᠷᠢᠳᠴᠢᠯᠠᠨ ᠰᠡᠷᠡᠮᠵᠢᠯᠡᠭᠦᠯᠵᠦ ᠢᠯᠭᠠᠨ ᠲᠠᠨᠢᠬᠤ ᠶᠢᠨ ᠬᠠᠮᠲᠤ ᠰᠡᠷᠡᠮᠵᠢᠯᠡᠭᠦᠯᠵᠦ᠂ ᠭᠠᠷ ᠤᠲᠠᠰᠤᠨ ᠤ APP ᠵᠢᠴᠢ WEB ᠦᠵᠦᠭᠦᠷᠯᠢᠭ ᠲᠤ ᠴᠥᠮ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠣᠯᠵᠤ ᠠᠪᠬᠤ ᠶᠢᠨ ᠬᠠᠮᠲᠤ ᠲᠠᠪᠴᠠᠩ ᠳᠤ ᠸᠢᠳᠢᠤ᠋ ᠶᠢᠨ ᠭᠡᠷᠡᠴᠢ ᠪᠠᠷᠢᠮᠲᠠ ᠶᠢ ᠦᠯᠡᠳᠡᠭᠡᠨ ᠬᠠᠳᠠᠭᠠᠯᠠᠵᠤ᠂ ᠬᠠᠮᠤᠭ ᠤᠨ ᠲᠡᠷᠢᠭᠦᠨ ᠳᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠳᠤ ᠮᠡᠳᠡᠭᠳᠡᠨ᠂ ᠲᠤᠬᠠᠢ ᠶᠢᠨ ᠴᠠᠭ ᠲᠤᠨᠢ ᠰᠤᠳᠤᠯᠤᠨ ᠮᠠᠭᠠᠳᠯᠠᠭᠰᠠᠨ ᠤ ᠳᠠᠷᠠᠭ᠎ᠠ ᠳᠠᠭᠢᠨ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠮᠡᠳᠡᠭᠳᠡᠵᠦ᠂ ᠬᠠᠤᠯᠢ ᠠᠴᠠ ᠵᠥᠷᠢᠴᠡᠭᠰᠡᠨ ᠮᠠᠯ ᠠᠵᠤ ᠠᠬᠤᠢ ᠶᠢᠨ ᠠᠵᠢᠯᠲᠠᠨ  ᠢ ᠰᠢᠢᠳᠬᠡᠨ ᠲᠣᠷᠭᠠᠨ᠎ᠠ᠃ ᠬᠤᠰᠢᠭᠤ ᠰᠢᠶᠠᠨ ᠲᠣᠭᠤᠷᠢᠭ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠲᠣᠭᠲᠠᠭᠰᠠᠨ ᠴᠠᠭ ᠲᠤ ᠪᠤᠶ ᠪᠦᠬᠦᠢ ᠰᠡᠷᠡᠮᠵᠢᠯᠡᠭᠦᠯᠭᠦ ᠬᠡᠷᠡᠭ ᠲᠤ ᠬᠢᠨᠠᠨ ᠪᠠᠶᠢᠴᠠᠭᠠᠯᠲᠠ ᠬᠢᠵᠦ᠂ ᠲᠤᠬᠠᠢ ᠶᠢᠨ ᠲᠠᠯᠠᠪᠤᠷ ᠲᠤ ᠭᠦᠷᠦᠭᠰᠡᠨ ᠦᠭᠡᠢ ᠪᠤᠶᠤ ᠴᠠᠭ ᠠᠴᠠ ᠬᠡᠲᠦᠷᠡᠭᠦᠯᠦᠨ ᠭᠦᠷᠦᠭᠰᠡᠨ᠂ ᠰᠢᠢᠳᠪᠦᠷᠢᠯᠡᠭᠰᠡᠨ ᠴᠠᠭ ᠠᠴᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠲᠠᠢ ᠬᠠᠷᠢᠯᠴᠠᠬᠤ᠂ ᠱᠠᠯᠠᠪᠳᠠᠭᠤᠯᠤᠨ ᠰᠢᠢᠳᠪᠦᠷᠢᠯᠡᠭᠦᠯᠬᠦ ᠵᠠᠬᠢᠳᠠᠯ ᠪᠠᠭᠤᠯᠭᠠᠬᠤ ᠵᠡᠷᠭᠡ ᠭᠡᠯᠪᠡᠷᠢ ᠪᠠᠷ ᠰᠢᠢᠳᠪᠦᠷᠢᠯᠡᠨ᠎ᠡ᠃ ᠬᠤᠲᠠ ᠶᠢᠨ ᠱᠠᠲᠤᠨ ᠤ ᠤᠢ ᠰᠢᠭᠤᠢ ᠪᠠ ᠨᠤᠲᠤᠭ ᠪᠡᠯᠴᠢᠭᠡᠷ  ᠤᠨ ᠰᠠᠯᠠᠭ᠎ᠠ ᠮᠥᠴᠢᠷ ᠤᠳ ᠲᠠᠪᠴᠠᠩ ᠤᠨ ᠰᠢᠰᠲ᠋ᠧᠮ ᠤᠨ ᠭᠠᠷᠭᠠᠭᠰᠠᠨ ᠲᠤᠭ᠎ᠠ ᠪᠠᠷᠢᠮᠲᠠ ᠳᠤ ᠲᠦᠰᠢᠭᠯᠡᠨ ᠵᠠᠳᠠᠯᠤᠯᠲᠠ ᠬᠢᠵᠦ᠂ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠬᠤ ᠶᠠᠪᠤᠳᠠᠯ ᠤᠯᠠᠨ ᠭᠠᠷᠬᠤ ᠭᠠᠵᠠᠷ ᠣᠷᠣᠨ᠂ ᠮᠠᠯ ᠬᠠᠷᠢᠭᠤᠯᠬᠤ ᠣᠷᠭᠢᠯ ᠤᠨ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠡᠵᠡᠮᠰᠢᠵᠦ ᠤᠷᠢᠳᠴᠢᠯᠠᠨ ᠲᠥᠯᠥᠪᠵᠢᠭᠦᠯᠬᠦ  ᠪᠠᠷ ᠳᠠᠮᠵᠢᠨ᠂ ᠨᠢᠭᠡᠳᠦᠯᠲᠡᠢ ᠵᠢᠯᠤᠭᠤᠳᠬᠤ᠂ ᠱᠠᠲᠤ ᠬᠤᠪᠢᠶᠠᠨ ᠲᠣᠬᠢᠷᠠᠭᠤᠯᠬᠤ ᠶᠢ ᠪᠡᠶᠡᠯᠡᠭᠦᠯᠦᠨ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠤᠶ ᠪᠣᠯᠭᠠᠨ᠎ᠠ᠃      ᠣᠳᠣᠬᠠᠨ ᠳᠤ᠂ ᠭᠦᠭᠡᠬᠤᠲᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠬᠢᠨᠠᠨ ᠬᠡᠮᠵᠢᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭᠠᠨ ᠤ ᠠᠵᠢᠯ ᠢ ᠨᠢᠭᠡᠨᠲᠡ ᠡᠬᠢᠯᠡᠭᠦᠯᠵᠦ᠂ ᠬᠤᠲᠠ᠂ ᠰᠢᠶᠠᠨ᠂ ᠰᠢᠶᠠᠩ ᠭᠤᠷᠪᠠᠨ ᠱᠠᠲᠤᠨ ᠤ ᠬᠤᠯᠪᠤᠭᠠᠯᠠᠨ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ︽ᠬᠢᠨᠠᠬᠤ ᠡᠵᠡᠮᠳᠡᠬᠦ ᠦᠵᠡᠬᠦ︾ ᠪᠠᠷ ᠳᠠᠮᠵᠢᠨ ᠴᠠᠭ ᠲᠤᠬᠠᠢ ᠳᠤᠨᠢ ᠢᠯᠡᠷᠡᠭᠦᠯᠬᠦ᠂ ︽ᠭᠠᠵᠠᠷ ᠳᠡᠭᠡᠷ᠎ᠡ ᠨᠢ ᠪᠠᠶᠢᠴᠠᠭᠠᠬᠤ︾ ᠪᠠᠷ ᠳᠠᠮᠵᠢᠨ ᠴᠠᠭ ᠲᠤᠬᠠᠢ ᠳᠤᠨᠢ ᠬᠤᠷᠢᠭᠯᠠᠬᠤ᠂ ︽ᠱᠠᠲᠤ ᠳᠠᠷᠠᠭᠠᠯᠠᠨ ᠬᠠᠮᠢᠶᠠᠷᠬᠤ︾ ᠪᠠᠷ ᠳᠠᠮᠵᠢᠨ ᠪᠦᠲᠦᠮᠵᠢᠲᠡᠢ ᠬᠢᠨᠠᠨ ᠬᠠᠮᠢᠶᠠᠷᠤᠭᠰᠠᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠵᠡᠮᠰᠢᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠢᠨᠠᠨ ᠬᠠᠮᠢᠶᠠᠷᠤᠯᠲᠠ ᠶᠢ ᠬᠡᠷᠡᠭᠵᠢᠭᠦᠯᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠭᠦᠭᠡᠬᠤᠲᠠ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠭᠰᠡᠨ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠬᠦ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号