ᠰᠠᠶᠢᠬᠠᠨ ᠲᠣᠭᠤᠷᠢᠭ ᠤᠨ ᠬᠠᠪᠤᠷ ᠤᠨ ᠡᠳᠦᠷ ᠤᠨ ᠶᠠᠪᠠᠭᠠᠨ ᠶᠠᠪᠤᠬᠤ ᠠᠵᠢᠯᠯᠠᠭ᠎ᠠ  ᠡᠬᠢᠯᠡᠪᠡ
ᠨᠡᠶᠢᠲᠡᠯᠡᠭᠰᠡᠨ ᠴᠠᠭ᠄
2024/4/30
   ᠪᠡᠶ᠎ᠡ ᠲᠠᠮᠢᠷ ᠤᠨ ᠤᠷᠤᠯᠳᠤᠭᠠᠨ ᠤ ᠠᠵᠢᠯᠯᠠᠭ᠎ᠠ ᠢ ᠪᠠᠳᠠᠷᠠᠭᠤᠯᠤᠨ᠂ ᠪᠡᠶ᠎ᠡ ᠶᠢᠨ ᠲᠠᠮᠢᠷ᠂ ᠰᠣᠶᠣᠯ ᠪᠠ ᠵᠢᠭᠤᠯᠴᠢᠯᠠᠯ ᠭᠤᠷᠪᠠ ᠶᠢᠨ ᠬᠤᠭᠤᠷᠣᠨᠳᠣᠬᠢ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠤᠭᠲᠤᠵᠤ᠂ ᠠᠮᠢᠵᠢᠷᠠᠯ ᠤᠨ ᠬᠦᠴᠦᠨ ᠲᠠᠢ ᠰᠠᠶᠢᠬᠠᠨ ︿ᠲᠠᠪᠤᠨ ᠰᠠᠷ᠎ᠠ ᠶᠢᠨ ᠨᠢᠭᠡᠨ ᠤ ᠤᠭᠲᠤᠬᠤ · ᠪᠣᠯᠪᠠᠰᠤᠨ ᠵᠢᠭᠤᠯᠴᠢᠯᠠᠯ﹀︾ ᠰᠠᠶᠢᠬᠠᠨ ᠲᠣᠭᠤᠷᠢᠭ ᠤᠨ ᠬᠠᠪᠤᠷ ᠤᠨ ᠶᠠᠪᠠᠭᠠᠨ ᠠᠯᠬᠤᠬᠤ ᠠᠵᠢᠯᠯᠠᠭ᠎ᠠ ᠲᠣᠷᠭᠠᠨ ᠵᠠᠮ ᠤᠨ ᠴᠡᠴᠡᠷᠯᠢᠭ ᠪᠠ ᠵᠢᠵᠢᠭ ᠡᠪᠡᠰᠦᠨ ᠴᠡᠴᠡᠷᠯᠢᠭ ᠲᠤ ᠶᠡᠬᠡᠪᠡᠷ ᠡᠬᠢᠯᠡᠪᠡ᠃          ᠲᠣᠰ ᠤᠳᠠᠭᠠᠨ ᠤ ᠠᠵᠢᠯᠯᠠᠭ᠎ᠠ ᠨᠢ ᠬᠠᠪᠤᠷ ᠤᠨ ᠢᠳᠡᠷᠡᠭᠦᠨ ᠠᠯᠬᠤᠭ᠎ᠠ᠂ ᠬᠤᠲᠠ ᠳᠤ ︽ᠡᠷᠳᠡᠨᠢ︾ ᠡᠷᠢᠬᠦ ᠪᠠ ᠤᠮᠠᠷᠠᠲᠤ ᠬᠢᠯᠢ ᠶᠢᠨ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠭᠤᠷᠪᠠᠨ ᠶᠡᠭᠡ ᠭᠤᠭᠴᠤᠭ᠎ᠠ ᠶᠢ ᠨᠠᠷᠢᠨ ᠨᠢᠮᠪᠠᠢ ᠲᠥᠯᠥᠪᠯᠡᠵᠦ᠂ ᠬᠠᠷᠢᠶᠠᠲᠤ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠵᠢᠴᠢ ᠥᠷᠭᠡᠨ ᠣᠯᠠᠨ ᠵᠠᠯᠠᠭᠤᠴᠤᠳ ᠪᠠᠭᠠᠴᠤᠳ ᠵᠡᠷᠭᠡ 3000 ᠭᠠᠷᠤᠢ ᠬᠠᠯᠠᠭᠤᠨ ᠰᠡᠳᠬᠢᠯᠭᠡ ᠪᠠᠷ ᠣᠷᠣᠯᠴᠠᠭᠴᠢ ᠶᠢ ᠲᠠᠲᠠᠪᠠ᠃ ᠢᠳᠡᠷᠡᠭᠦᠨ ᠠᠯᠬᠤᠭ᠎ᠠ ᠶᠢᠨ ᠪᠥᠬᠦ ᠶᠠᠪᠤᠴᠠ ᠨᠢ ᠳᠥᠷᠪᠡᠨ ᠺᠢᠯᠣᠮᠧᠲᠷ ᠪᠠᠶᠢᠵᠤ᠂ ᠵᠠᠮ ᠳᠠᠭᠠᠤ ᠪᠠ ᠡᠴᠦᠰ ᠤᠨ ᠴᠡᠭ ᠲᠤ ᠰᠢᠯᠦᠭ ᠳᠠᠭᠤᠯᠠᠬᠤ᠂ ᠠᠯᠤᠬ᠎ᠠ ᠦᠷᠢᠯ ᠬᠠᠷᠪᠤᠬᠤ᠂ ᠰᠤᠷ ᠬᠠᠷᠪᠤᠬᠤ᠂ ᠰᠢᠷᠡᠭᠡᠨ ᠳᠡᠭᠡᠷᠡᠬᠢ ᠮᠥᠰᠥᠨ ᠳᠡᠪᠦᠷ᠎ᠡ᠂ ᠨᠢᠰᠬᠦ ᠲᠠᠪᠠᠭ ᠵᠡᠷᠭᠡ 5 ᠵᠦᠢᠯ ᠤᠨ ᠰᠣᠨᠢᠷᠬᠠᠯ ᠤᠨ ᠺᠠᠷᠲ ᠤᠨ ᠲᠥᠷᠥᠯ ᠵᠦᠢᠯ ᠢ ᠲᠣᠬᠢᠷᠠᠭᠤᠯᠪᠠ᠃          ᠬᠤᠲᠠ ᠶᠢᠨ ᠸᠠᠩ ᠠᠪᠤᠭᠠᠢ ︽ᠡᠩ ᠤᠨ ᠬᠤᠲᠠ ᠶᠢᠨ ᠠᠷᠠᠳ ᠪᠣᠯᠤᠭᠰᠠᠨ ᠤ ᠬᠤᠪᠢ ᠳᠤ᠂ ᠬᠤᠶᠢᠰᠢᠳᠠ ᠡᠶᠢᠮᠦᠷᠬᠦ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ ᠲᠠᠮᠢᠷ ᠤᠨ ᠬᠥᠳᠡᠯᠭᠡᠭᠡᠨ ᠪᠠᠶᠠᠷ ᠪᠠᠶᠠᠰᠤᠯ ᠢ ᠣᠶᠢᠯᠠᠭᠠᠬᠤ ᠶᠢᠨ ᠬᠠᠮᠲᠤ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ︾ ᠭᠡᠵᠡᠢ᠃            ᠲᠣᠰ ᠤᠳᠠᠭᠠᠨ ᠤ ᠠᠵᠢᠯᠯᠠᠭ᠎ᠠ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠣᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢ ᠤᠶᠠᠯᠳᠤᠭᠤᠯᠵᠤ᠂  ᠨᠢᠭᠡ ᠤᠳᠠᠭᠠᠨ ᠤ ᠭᠤᠶᠢᠳᠠ ᠰᠠᠶᠢᠬᠠᠨ ᠣᠯᠠᠨ ᠲᠦᠮᠡᠨ ᠤ ᠤᠷᠤᠯᠳᠤᠭᠠᠨ ᠢ ᠠᠪᠴᠢᠷᠠᠵᠠᠢ᠃                   ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号