︽ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠲᠥᠰᠥᠯ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/30
ᠨᠢᠭᠡ᠂ ᠲᠣᠭᠲᠠᠭᠠᠭᠰᠠᠨ ᠠᠬᠤᠢ ᠪᠠᠶᠢᠳᠠᠯ            2023 ᠣᠨ ᠤ 8 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠠᠶᠢᠭᠠᠯᠢ ᠶᠢᠨ ᠡᠬᠢ ᠪᠠᠶᠠᠯᠢᠭ ᠤᠨ  ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠶᠡᠷᠦᠩᠬᠡᠶ ᠲᠣᠪᠴᠢᠶ᠎ᠠ ᠲᠠᠢ ᠬᠠᠮᠲᠤᠷᠠᠨ ︽ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠠᠶᠢᠷᠢᠰᠢᠭᠤᠯᠤᠨ  ᠪᠦᠲᠦᠭᠡᠨ ᠪᠠᠶᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 102 ᠬᠤᠲᠠ ᠶᠢ ᠪᠠᠶᠢᠷᠢᠰᠢᠭᠤᠯᠤᠨ ᠪᠥᠲᠥᠭᠡᠨ ᠪᠠᠶᠢᠭᠤᠯᠬᠤ ᠬᠡᠪᠴᠢᠶᠡᠨ ᠳᠤ  ᠣᠷᠣᠭᠤᠯᠵᠤ᠂ ᠬᠥᠬᠡᠬᠤᠲᠠ ᠴᠢᠳᠠᠮᠵᠢ ᠶᠢᠨ ᠬᠡᠯᠪᠡᠷᠢ ᠶᠢᠨ ᠭᠦᠢᠯᠭᠡᠭᠡᠨ ᠤ ᠲᠤᠯᠭᠠᠭᠤᠷᠢᠯᠠᠬᠤ ᠬᠤᠲᠠ ᠶᠢᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃  ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠢᠯᠡᠷᠬᠡᠶᠢᠯᠡᠭᠰᠡᠨ ᠢᠶᠠᠷ᠂ ᠭᠦᠢᠯᠭᠡᠭᠡᠨ ᠤ ᠲᠤᠯᠭᠠᠭᠤᠷᠢᠯᠠᠬᠤ ᠬᠤᠲᠠ ᠨᠢ ︽ᠶᠡᠭᠡ ᠭᠦᠢᠯᠭᠡᠭᠡᠨ  ︾ ᠤ ᠥᠨᠳᠥᠷ ᠠᠴᠠ ᠬᠤᠳᠠᠯᠳᠤᠭᠠᠨ ᠤ ᠭᠦᠢᠯᠭᠡᠭᠡ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ᠂ ᠪᠡᠯᠡ ᠮᠥᠩᠭᠦ ᠶᠢᠨ ᠭᠦᠢᠯᠭᠡᠭᠡᠨ ᠤ  ᠤᠶᠠᠯᠳᠤᠨ ᠬᠥᠭᠵᠢᠬᠦ ᠶᠢ ᠠᠬᠢᠭᠤᠯᠵᠤ᠂ ᠦᠢᠯᠡᠳᠪᠦᠷᠢᠯᠡᠯ ᠬᠡᠷᠡᠭᠯᠡᠭᠡ ᠶᠢᠨ ᠨᠢᠭᠲᠠ ᠵᠣᠯᠭᠠᠯᠳᠤᠬᠤ ᠶᠢ ᠠᠬᠢᠭᠤᠯᠤᠨ᠂ ᠳᠣᠲᠣᠭᠠᠳᠤ ᠳᠤ ᠪᠠᠨ ᠰᠠᠭᠠᠳ ᠦᠭᠡᠶ᠂  ᠭᠠᠳᠠᠭᠰᠢ ᠬᠤᠯᠪᠣᠭᠠᠯᠠᠭᠰᠠᠨ ᠣᠳᠣ ᠦᠶ᠎ᠡ ᠶᠢᠨ ᠭᠦᠢᠯᠭᠡᠭᠡᠨ ᠤ ᠲᠣᠣᠷ ᠢ ᠲᠦᠷᠭᠡᠨ ᠪᠣᠶ ᠪᠣᠯᠭᠠᠬᠤ ᠳᠤ ᠠᠰᠢᠭᠲᠠᠶ ᠶᠤᠮ᠃       ᠬᠤᠶᠠᠷ᠂ ᠪᠦᠲᠦᠭᠡᠨ ᠪᠠᠶᠢᠭᠤᠯᠬᠤ ᠱᠠᠭᠠᠷᠳᠠᠯᠭ᠎ᠠ            ᠤᠯᠤᠰ ᠤᠨ ᠬᠡᠷᠡᠭᠴᠡᠭᠡ ᠪᠠ ᠬᠤᠲᠠ ᠶᠢᠨ ᠳᠠᠪᠠᠭᠤᠯᠢᠭ ᠲᠠᠭᠠᠨ ᠰᠠᠭᠤᠷᠢᠯᠠᠨ᠂ ᠴᠢᠭ ᠢᠶᠠᠷ ᠨᠡᠶᠢᠳᠡᠮ ᠢ ᠳᠠᠶᠢᠴᠢᠯᠠᠵᠤ ᠭᠤᠤᠯᠯᠠᠬᠤ ᠭᠦᠢᠯᠭᠡᠭᠡᠨ ᠤ  ᠬᠤᠩᠭᠢᠯ᠂ ᠣᠳᠣ ᠦᠶ᠎ᠡ ᠶᠢᠨ ᠭᠦᠢᠯᠭᠡᠭᠡᠨ ᠤ ᠲᠣᠤᠷ ᠪᠠ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠤᠯᠤᠰ ᠤᠨ ᠬᠥᠭᠵᠢᠯᠲᠡ ᠶᠢᠨ ᠬᠡᠷᠡᠭᠴᠡᠭᠡ ᠳᠤ ᠪᠦᠬᠦ ᠲᠠᠯ᠎ᠠ ᠪᠠᠷ ᠦᠢᠯᠡᠴᠢᠯᠡᠵᠦ  ᠂ ᠨᠥᠯᠥᠭᠡᠯᠡᠨ ᠳᠠᠶᠢᠴᠢᠯᠠᠬᠤ ᠴᠢᠳᠠᠮᠵᠢ ᠶᠢ ᠪᠦᠬᠦ ᠲᠠᠯ᠎ᠠ ᠪᠠᠷ ᠥᠷᠭᠡᠳᠬᠡᠵᠦ᠂  ᠭᠦᠢᠯᠭᠡᠭᠡᠨ ᠤ ᠬᠥᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠵᠤ᠂ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠬᠠᠲᠠᠭᠤ ᠲᠣᠨᠤᠭ ᠪᠣᠯᠤᠨ  ᠵᠥᠭᠡᠯᠡᠨ ᠲᠣᠨᠤᠭ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ  ᠰᠢᠰᠲ᠋ᠧᠮᠵᠢ ᠪᠣᠯᠤᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠬᠥᠭᠵᠢᠯᠲᠡ ᠶᠢ ᠲᠦᠷᠭᠡᠳᠬᠡᠨ᠂  ᠵᠠᠮ ᠲᠡᠭᠡᠭᠡᠪᠦᠷᠢ᠂ ᠮᠥᠩᠭᠦᠨ  ᠭᠦᠢᠯᠭᠡᠭᠡᠨ᠂ ᠢᠲᠡᠭᠡᠮᠵᠢ ᠶᠢᠨ ᠲᠤᠯᠭᠠᠭᠤᠷᠢᠯᠠᠯ ᠢ ᠴᠢᠩᠭᠠᠷᠠᠭᠤᠯᠵᠤ᠂ ᠭᠦᠢᠯᠭᠡᠭᠡᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠦᠲᠦᠭᠡᠯᠴᠢ ᠬᠦᠴᠦᠨ  ᠪᠣᠯᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃       ᠭᠤᠷᠪᠠ᠂ ᠭᠤᠣᠯ ᠠᠭᠤᠯᠭ᠎ᠠ            ︽ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠲᠥᠰᠥᠯ︾  ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ  ᠪᠠᠶᠢᠭᠤᠯᠤᠯᠲᠠ ᠶᠢ ᠴᠢᠩᠭᠠᠳᠬᠠᠬᠤ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠨ ᠬᠥᠭᠵᠢᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠳᠠᠭᠠᠭᠠᠴᠠ ᠶᠢᠨ ᠴᠢᠳᠠᠯ ᠢ ᠳᠡᠭᠡᠭᠰᠢᠯᠡᠭᠦᠯᠬᠦ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠭᠦᠢᠯᠭᠡᠭᠡᠨ ᠳᠤ ᠦᠢᠯᠡᠴᠢᠯᠡᠬᠦ ᠴᠢᠳᠠᠪᠤᠷᠢ ᠶᠢ  ᠥᠷᠭᠡᠳᠬᠡᠬᠦ᠂ ᠭᠦᠢᠯᠭᠡᠭᠡᠨ ᠤ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠮᠠᠨ ᠤ ᠬᠤᠲᠠ ᠶᠢᠨ  ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠬᠤ ᠳᠤ ᠪᠥᠬᠦ ᠲᠠᠯ᠎ᠠ ᠪᠠᠷ ᠡᠮᠬᠢᠯᠡᠨ ᠠᠷᠭ᠎ᠠ ᠤᠬᠠᠭᠠᠨ ᠰᠦᠪᠡᠭᠴᠢᠯᠡᠪᠡ᠃            ︵ᠨᠢᠭᠡ︶ ᠭᠦᠢᠯᠭᠡᠭᠡᠨ ᠤ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ᠄ ᠪᠦᠲᠦᠭᠡᠨ ᠪᠠᠶᠢᠭᠤᠯᠬᠤ ᠶᠡᠷᠦᠩᠬᠡᠢ ᠬᠠᠷᠠᠯᠲᠠ᠂  2035 ᠤᠨ ᠪᠣᠯᠬᠤ ᠳᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠭᠦᠢᠯᠭᠡᠭᠡ᠂ ᠪᠥᠬᠦ ᠬᠦᠴᠦᠨ ᠵᠦᠢᠯ ᠤᠨ ᠭᠦᠢᠯᠭᠡᠭᠡ᠂ ᠪᠥᠬᠦ ᠶᠠᠪᠤᠴᠠ ᠶᠢᠨ ᠭᠦᠢᠯᠭᠡᠭᠡ᠂  ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠭᠦᠢᠯᠭᠡᠭᠡ᠂ ᠪᠥᠬᠦ ᠲᠠᠯ᠎ᠠ ᠶᠢᠨ ᠨᠡᠭᠡᠭᠡᠯᠲᠡ ᠲᠠᠢ ᠭᠦᠢᠯᠭᠡᠭᠡ ᠶᠢᠨ ᠣᠲᠣ ᠦᠶ᠎ᠡ ᠶᠢᠨ ᠭᠦᠢᠯᠭᠡᠭᠡᠨ ᠤ  ᠰᠢᠰᠲ᠋ᠧᠮᠵᠢ ᠶᠢ ᠪᠥᠬᠦ ᠲᠠᠯ᠎ᠠ ᠪᠠᠷ ᠪᠦᠷᠢᠯᠳᠦᠭᠦᠯᠦᠨ᠎ᠡ︔ ᠪᠦᠲᠦᠭᠡᠨ ᠪᠠᠶᠢᠭᠤᠯᠬᠤ ᠱᠠᠲᠤ ᠦᠶ᠎ᠡ ᠶᠢᠨ ᠴᠢᠨᠠᠷᠲᠠᠢ ᠬᠠᠷᠠᠯᠲᠠ ᠪᠣᠯ 2025 ᠤᠨ ᠪᠣᠯᠬᠤ ᠳᠤ ᠪᠦᠬᠦ  ᠬᠤᠲᠠ ᠶᠢᠨ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃            ︵ᠬᠤᠶᠠᠷ︶ ᠭᠤᠣᠯᠯᠠᠬᠤ ᠭᠦᠢᠯᠭᠡᠭᠡᠨ ᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠲᠤᠯᠭᠠᠭᠤᠷᠢᠯᠠᠨ᠎ᠠ᠄ ᠶᠡᠷᠦᠩᠬᠡᠶ ᠱᠦᠵᠢ ᠰᠢ ᠶᠢᠨ  ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠤᠮᠠᠷᠠᠲᠤ ᠶᠢᠨ ᠪᠣᠬᠢᠷᠲᠤᠯ  ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ᠂ ᠤᠮᠠᠷᠠᠲᠤ ᠬᠢᠯᠢ ᠶᠢᠨ ᠣᠯᠠᠨ ᠤᠯᠤᠰ ᠤᠨ ᠬᠦᠢᠰᠦ  ᠂ ᠤᠯᠤᠰ ᠤᠨ ᠮᠠᠯ ᠠᠵᠤ ᠠᠬᠤᠶ ᠶᠢᠨ ᠮᠡᠷᠭᠡᠵᠢᠯ ᠤᠨ ᠲᠥᠪ ᠪᠠ ᠤᠮᠠᠷᠠᠲᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ  ᠵᠠᠩᠭᠢ ᠶᠢᠨ ᠦᠢᠯᠡᠴᠢᠯᠡᠭᠡᠨ ᠤ ᠲᠥᠪ ᠢ ᠴᠢᠨᠠᠷ ᠰᠠᠶᠢᠲᠠᠶ ᠪᠠᠶᠢᠭᠤᠯᠤᠨ᠎ᠠ᠃            ︵ᠭᠤᠷᠪᠠ︶ ᠲᠠᠸᠠᠷ ᠪᠠ ᠡᠬᠢ ᠪᠠᠶᠠᠯᠢᠭ ᠤᠨ ᠡᠯᠧᠮᠧᠨ᠋ᠲ ᠤᠨ ᠭᠦᠢᠯᠭᠡᠭᠡᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ  ᠄  ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ  ᠂ ᠡᠷᠬᠡ ᠲᠡᠭᠰᠢ ᠪᠠᠷ ᠥᠷᠢᠰᠥᠯᠳᠦᠬᠦ ᠣᠷᠴᠢᠨ ᠲᠣᠭᠤᠷᠢᠨ ᠢ ᠪᠤᠢ  ᠪᠣᠯᠭᠠᠵᠤ᠂ ᠵᠠᠰᠠᠭ ᠤᠨ ᠣᠷᠳᠣᠨ᠂ ᠠᠵᠢᠯ ᠲᠦᠷᠦᠯ ᠤᠨ ᠨᠡᠶᠢᠭᠡᠮᠯᠢᠭ ᠪᠠ ᠠᠵᠤ ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠶᠢ  ᠴᠢᠩᠭᠠᠳᠬᠠᠵᠤ  ᠂ ᠠᠵᠤ ᠠᠬᠤᠶᠢᠯᠠᠯ ᠪᠠ ᠬᠡᠷᠡᠭᠯᠡᠭᠴᠢᠳ ᠤᠨ ᠪᠠᠷᠢᠮᠵᠢᠶ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠵᠢᠷᠤᠮᠵᠢᠭᠰᠠᠨ  ᠬᠥᠭᠵᠢᠯᠲᠡ ᠶᠢ ᠠᠬᠢᠭᠤᠯᠤᠨ᠎ᠠ᠃            ︵ᠲᠦᠷᠪᠡ︶ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠄  ᠥᠨᠳᠥᠷ ᠪᠠᠷᠢᠮᠵᠢᠶᠠᠲᠤ ᠲᠠᠸᠠᠷ ᠤᠨ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠷᠭ᠎ᠠ ᠵᠠᠮ ᠢ  ᠵᠣᠯᠭᠠᠭᠤᠯᠵᠤ᠂ ᠲᠠᠸᠠᠷ ᠤᠨ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠲᠣᠭᠠᠴᠢᠯᠠᠭᠰᠠᠨ ᠤᠶᠤᠨᠴᠢᠯᠠᠭᠰᠠᠨ ᠲᠥᠬᠦᠭᠡᠷᠦᠮᠵᠢ ᠶᠢᠨ ᠪᠥᠲᠥᠭᠡᠨ  ᠪᠠᠶᠢᠭᠤᠯᠤᠯᠲᠠ ᠶᠢ ᠠᠬᠢᠭᠤᠯᠤᠨ᠎ᠠ︔ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠠᠷᠭ᠎ᠠ ᠵᠠᠮ ᠢ ᠰᠢᠯᠤᠭᠤᠳᠬᠠᠵᠤ᠂  ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠵᠠᠭᠪᠤᠷ ᠢ ᠥᠷᠭᠡᠳᠬᠡᠨ᠂ ᠥᠪᠥᠷ ᠮᠣᠩᠭᠤᠯ ᠤᠨ ᠴᠢᠨᠠᠷ ᠰᠠᠶᠢᠲᠠᠶ  ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠭᠠᠳᠠᠭᠰᠢ ᠭᠠᠷᠬᠤ︾ ᠶᠢ ᠠᠬᠢᠭᠤᠯᠤᠨ᠎ᠠ︔ ᠣᠯᠠᠨ ᠱᠠᠲᠤ ᠳᠠᠪᠬᠤᠷᠭ᠎ᠠ ᠪᠦᠬᠦᠢ ᠠᠷᠠᠯᠵᠢᠶ᠎ᠠ  ᠬᠤᠳᠠᠯᠳᠤᠭᠠᠨ ᠤ ᠲᠣᠤᠷ ᠢ ᠲᠡᠭᠦᠯᠳᠡᠷᠵᠢᠭᠦᠯᠵᠦ᠂ ᠬᠤᠳᠠᠯᠳᠤᠭᠠᠨ ᠤ ᠲᠣᠭᠤᠷᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠰᠢᠯᠢᠳᠡᠭᠵᠢᠭᠦᠯᠦᠨ᠂  ᠬᠤᠲᠠ ᠶᠢᠨ ᠤᠨᠴᠠᠯᠢᠬᠳᠤ ᠬᠤᠳᠠᠯᠳᠤᠭᠠᠨ ᠤ ᠲᠣᠭᠤᠷᠢᠭ ᠤᠨ ︽ᠠᠷᠠᠳ ᠲᠤ ᠲᠥᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ ᠪᠣᠶ  ᠪᠣᠯᠭᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠯᠪᠡᠷᠢ ᠪᠠᠨ ᠬᠤᠪᠢᠷᠠᠭᠤᠯᠤᠨ  ᠲᠠᠰ ᠳᠡᠪᠰᠢᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠦᠢᠯᠭᠡᠭᠡᠨ ᠤ ᠦᠢᠯᠡᠰ ᠤᠨ ᠰᠢᠨ᠎ᠡ ᠶᠢ ᠡᠭᠦᠳᠦᠨ ᠵᠢᠷᠤᠮᠵᠢᠭᠤᠨ ᠬᠥᠭᠵᠢᠬᠦ ᠶᠢ  ᠠᠬᠢᠭᠤᠯᠤᠨ᠂ ᠭᠦᠢᠯᠭᠡᠭᠡᠨ ᠤ ᠬᠦᠷᠢᠶᠡᠨ ᠤ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠨ᠎ᠠ︔ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ  ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠵᠣᠷᠢᠭᠵᠢᠭᠤᠯᠵᠤ᠂ ᠳᠤᠮᠳᠠ ᠵᠢᠵᠢᠭ ᠪᠢᠴᠢᠯ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ  ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ︔ ᠳᠣᠲᠣᠭᠠᠳᠤ ᠭᠠᠳᠠᠭᠠᠳᠤ ᠠᠷᠠᠯᠵᠢᠶᠠᠨ ᠤ ᠭᠦᠢᠯᠭᠡᠭᠡᠨ ᠤ ᠨᠢᠭᠡ ᠴᠣᠭᠴᠠᠵᠢᠭᠰᠠᠨ  ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠡᠵᠡᠩᠨᠡᠯᠲᠡ ᠶᠢ ᠳᠡᠮᠵᠢᠨ᠎ᠡ᠃            ︵ᠲᠠᠪᠤ︶ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠨ ᠬᠥᠭᠵᠢᠭᠦᠯᠦᠨ᠎ᠡ᠄ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ  ᠰᠠᠭᠤᠷᠢ ᠪᠡᠯᠡᠳᠬᠡᠮᠵᠢ ᠶᠢᠨ ᠲᠣᠤᠷ ᠢ ᠪᠠᠶᠢᠭᠤᠯᠵᠤ᠂ ᠭᠤᠣᠯᠯᠠᠬᠤ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠠᠶᠢᠭᠤᠯᠤᠯᠲᠠ ᠶᠢ ᠲᠦᠷᠭᠡᠳᠬᠡᠵᠦ᠂ ᠭᠤᠣᠯ  ᠰᠠᠯᠪᠤᠷᠢ ᠱᠤᠭᠤᠮ ᠬᠥᠮᠥᠷᠭᠡᠯᠡᠵᠦ ᠬᠦᠷᠭᠡᠬᠦ ᠲᠣᠣᠷ ᠢ ᠵᠣᠯᠭᠠᠭᠤᠯᠬᠤ ᠶᠢ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠪᠠᠷᠠᠭᠠᠨ ᠤ  ᠭᠦᠢᠯᠭᠡᠭᠡᠨ ᠤ ᠲᠣᠤᠷ ᠢ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡᠨ ᠤ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ︔ ᠬᠦᠢᠲᠡᠨ  ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ  ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠬᠦᠢᠲᠡᠨ ᠬᠡᠯᠬᠢᠶᠡᠨ ᠤ ᠲᠥᠪᠯᠡᠷᠡᠭᠦᠯᠦᠨ ᠳᠣᠭᠢᠷᠠᠭᠤᠯᠬᠤ ᠲᠥᠪ ᠢ ᠲᠦᠷᠭᠡᠳᠬᠡᠨ ᠪᠠᠶᠢᠭᠤᠯᠵᠤ᠂  ᠦᠢᠯᠡᠳᠪᠦᠷᠢᠯᠡᠯ ᠪᠣᠷᠣᠯᠠᠭᠤᠯᠭ᠎ᠠ ᠶᠢᠨ ᠬᠤᠶᠠᠷ ᠦᠵᠦᠭᠦᠷ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠳᠤᠲᠠᠭᠤᠳᠠᠯ ᠢ  ᠨᠥᠬᠦᠪᠥᠷᠢᠯᠡᠨ᠎ᠡ︔ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ  ᠪᠠᠷᠠᠭᠠᠨ ᠤ ᠭᠦᠢᠯᠭᠡᠭᠡᠨ ᠢ ᠵᠣᠬᠢᠴᠠᠭᠤᠯᠤᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ᠂ ᠡᠩ ᠤᠨ ᠦᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋  ᠪᠣᠳᠠᠰ ᠤᠨ ᠨᠥᠭᠡᠴᠡᠯᠡᠯᠲᠡ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠵᠤ ᠳᠣᠭᠢᠷᠠᠭᠤᠯᠤᠨ  ᠬᠦᠷᠭᠡᠬᠦ ᠴᠢᠳᠠᠪᠤᠷᠢ ᠶᠢ ᠴᠢᠩᠭᠠᠳᠬᠠᠨ᠎ᠠ᠃            ︵ᠵᠢᠷᠭᠤᠭ᠎ᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠢᠯᠭᠡᠭᠡᠨ ᠤ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠄ ᠵᠠᠮ ᠬᠠᠷᠢᠯᠴᠠᠭᠠᠨ ᠤ  ᠶᠡᠷᠦᠩᠬᠡᠶᠢᠯᠡᠭᠰᠡᠨ ᠰᠠᠭᠤᠷᠢ ᠪᠡᠯᠡᠳᠬᠡᠮᠵᠢ ᠶᠢᠨ ᠲᠣᠤᠷ ᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠰᠠᠭᠤᠷᠢ ᠪᠡᠯᠡᠳᠬᠡᠮᠵᠢ ᠶᠢᠨ ᠪᠥᠲᠥᠭᠡᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠵᠢᠴᠢ ᠲᠥᠪᠯᠡᠷᠡᠭᠦᠯᠦᠨ ᠲᠠᠷᠬᠠᠭᠠᠬᠤ  ᠲᠡᠭᠡᠭᠡᠪᠦᠷᠢ ᠶᠢᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠡᠩ ᠤᠨ ᠦᠶ᠎ᠡ ᠪᠠ ᠪᠠᠴᠢᠮ ᠪᠠᠶᠢᠳᠠᠯ ᠳᠤ ᠬᠡᠷᠡᠭᠯᠡᠬᠦ ᠵᠠᠮ ᠬᠠᠷᠢᠯᠴᠠᠭᠠᠨ ᠤ  ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠤᠶᠤᠨᠴᠢᠯᠠᠭᠰᠠᠨ  ᠬᠥᠭᠵᠢᠯᠲᠡ ᠶᠢ ᠠᠬᠢᠭᠤᠯᠵᠤ᠂ ᠲᠡᠭᠡᠭᠡᠪᠦᠷᠢ ᠶᠢᠨ ᠪᠦᠲᠦᠴᠡ ᠶᠢ ᠲᠠᠰᠤᠷᠠᠯᠲᠠ ᠥᠬᠡᠶ ᠳᠣᠭᠢᠷᠠᠭᠤᠯᠤᠨ ᠰᠢᠯᠢᠳᠡᠭᠵᠢᠭᠦᠯᠵᠦ᠂ ︽ᠲᠣᠭᠠᠴᠢᠯᠠᠭᠰᠠᠨ ᠡᠬᠡ  ᠬᠠᠭᠤᠷᠠᠶ ᠶᠢᠨ ᠭᠠᠷᠠᠮ︾ ᠤᠨ ᠪᠣᠬᠢᠷᠲᠤᠯ ᠥᠬᠡᠶ ᠣᠶᠤᠨᠴᠢ ᠪᠠᠷᠠᠭᠠᠨ ᠤ ᠭᠦᠢᠯᠭᠡᠭᠡᠨ ᠤ ᠵᠠᠭᠪᠤᠷ ᠢ ᠥᠷᠭᠡᠳᠬᠡᠨ᠎ᠡ᠃            ︵ᠳᠤᠯᠤᠭ᠎ᠠ︶ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠭᠦᠢᠯᠭᠡᠭᠡᠨ ᠳᠤ ᠦᠢᠯᠡᠴᠢᠯᠡᠬᠦ ᠴᠢᠳᠠᠪᠤᠷᠢ ᠶᠢ ᠥᠷᠭᠡᠳᠭᠡᠨ᠎ᠡ᠄ ᠮᠥᠩᠭᠦᠨ ᠭᠦᠢᠯᠭᠡᠭᠡᠨ ᠤ  ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠭᠠᠨ᠎ᠠ᠃            ︵ᠨᠠᠢᠮᠠ︶ ᠭᠦᠢᠯᠭᠡᠭᠡᠨ ᠤ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠄ ᠭᠦᠢᠯᠭᠡᠭᠡᠨ ᠤ ᠢᠲᠡᠭᠡᠮᠵᠢ ᠶᠢᠨ  ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠬᠡᠷᠡᠭᠯᠡᠬᠦ ᠶᠢ ᠠᠬᠢᠭᠤᠯᠵᠤ᠂ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠮᠥᠷᠳᠡᠬᠦ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠭᠦᠢᠯᠭᠡᠭᠡᠨ ᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ  ᠲᠡᠭᠦᠯᠳᠡᠷᠵᠢᠭᠦᠯᠦᠨ᠎ᠡ᠃      ᠢᠷᠡᠯᠲᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ᠲᠠᠶᠢᠯᠤᠮᠵᠢ ᠬᠢᠭᠰᠡᠨ ᠨᠢ᠄ ᠯᠢ ᠰᠢᠦᠸᠢ ᠮᠧᠩ          ᠤᠲᠠᠰᠤ᠄ 0471-4606331   ᠤᠭ ᠪᠢᠴᠢᠭ ᠮᠠᠲ᠋ᠧᠷᠢᠶᠠᠯ ᠢ ᠤᠩᠰᠢᠬᠤ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号