ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠬᠥᠭᠵᠢᠭᠦᠯᠦᠯᠲᠡ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 2  ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠳᠠ ᠶᠢᠨ ᠬᠥᠭᠵᠢᠭᠦᠯᠦᠯᠲᠡ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠪᠠ᠃
     ᠣᠶᠢᠯᠠᠭᠠᠭᠰᠠᠨ ᠢᠶᠠᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠬᠥᠭᠵᠢᠭᠦᠯᠦᠯᠲᠡ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠬᠤᠪᠢᠷᠠᠭᠤᠯᠤᠨ ᠪᠠᠶᠢᠭᠤᠯᠵᠤ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠲᠤᠰᠠᠭᠠᠷ ᠪᠡᠯᠡᠳᠤ ᠺᠣᠮᠫᠠᠨᠢ ᠳᠤ ᠬᠠᠷᠢᠶᠠᠯᠠᠭᠳᠠᠨ᠎ᠠ᠃ ᠺᠣᠮᠫᠠᠨᠢ ᠪᠠᠶᠢᠭᠤᠯᠤᠭᠳᠠᠭᠰᠠᠨ ᠨᠢ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠮᠥᠨᠴᠦ ᠰᠠᠶᠢᠬᠠᠨ ᠲᠣᠭᠤᠷᠢᠭ ᠤᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠺᠣᠮᠫᠠᠨᠢ ᠶᠢᠨ ᠳᠣᠣᠷ᠎ᠠ ᠨᠢ 3 ᠬᠤᠶᠠᠳᠤᠭᠠᠷ ᠳᠡᠰ ᠤᠨ ᠬᠤᠪᠢᠶᠠᠷᠢ ᠺᠣᠮᠫᠠᠨᠢ ᠪᠠᠶᠢᠭᠤᠯᠵᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠳᠤ ᠬᠤᠳᠠ ᠬᠥᠳᠡᠭᠡ ᠶᠢᠨ ᠬᠤᠳᠠ ᠶᠢᠨ ᠦᠵᠡᠮᠵᠢ ᠶᠢᠨ ᠬᠠᠮᠢᠶᠠᠷᠤᠯᠲᠠ᠂ ᠬᠤᠳᠠ ᠶᠢᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠬᠠᠮᠢᠶᠠᠷᠤᠯᠲᠠ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠡᠵᠡᠩᠨᠡᠯᠲᠡ ᠵᠡᠷᠭᠡ ᠤᠯᠠᠨ ᠬᠦᠷᠢᠶ᠎ᠡ ᠪᠠᠭᠲᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠪᠣᠯᠣᠨ᠎ᠠ᠃            ︽ᠳᠠᠷᠠᠭᠠᠴᠢ ᠶᠢᠨ ᠠᠯᠬᠤᠮ ᠳᠤ᠂ ᠺᠣᠮᠫᠠᠨᠢ ᠨᠢ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠶᠠᠰᠤ ᠴᠢᠨᠠᠷ ᠢᠶᠠᠷ ᠭᠤᠣᠯ ᠪᠣᠯᠭᠠᠵᠤ᠂ ᠦᠷ᠎ᠡ ᠠᠰᠢᠭ ᠢᠶᠠᠷ ᠬᠠᠷᠠᠯᠲᠠ ᠪᠣᠯᠭᠠᠵᠤ᠂ ᠲᠣᠭᠤᠷᠢᠭ ‍ᠤᠨ‌ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠤ ᠪᠦᠬᠦ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠤᠭᠰᠠᠨ ᠤ ᠳᠠᠷᠠᠭᠠᠬᠢ ᠪᠦᠬᠦᠯᠢ ᠴᠣᠭᠴᠠ ᠶᠢᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠲᠡᠷᠢᠭᠦᠨ ᠵᠡᠷᠭᠡ ᠶᠢᠨ ᠲᠠᠪᠴᠠᠩ ᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠨᠡᠶᠢᠭᠡᠮ ᠤᠨ ᠡᠯ᠎ᠡ ᠡᠲᠡᠭᠡᠳ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠲᠡᠰ ᠲᠡᠪᠰᠢᠯᠳᠡ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠣᠯᠣᠨ ᠬᠥᠳᠡᠯᠭᠡᠬᠦ ᠬᠦᠴᠦᠨ ᠨᠡᠮᠡᠷᠢᠯᠡᠨ᠎ᠡ︾ ᠭᠡᠵᠦ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠳᠠ ᠶᠢᠨ ᠬᠥᠭᠵᠢᠭᠦᠯᠦᠯᠲᠡ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠪᠡᠯᠡᠳᠬᠡᠯ ᠳᠤᠭᠤᠶᠢᠯᠠᠩ ᠤᠨ ᠳᠠᠷᠤᠭ᠎ᠠ ᠭᠦᠸᠧ ᠵᠢᠶᠦ᠋ᠨ ᠸᠧᠢ ᠲᠠᠨᠢᠯᠴᠠᠭᠤᠯᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号