ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠣᠶᠣᠯ ᠤᠨ ᠪᠡᠯᠡ ᠣᠷᠣᠭᠤᠯᠤᠯᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/7
     4  ᠰᠠᠷ᠎ᠠ ᠶᠢᠨ 1  ᠤ ᠦᠳᠡ ᠶᠢᠨ ᠡᠮᠦᠨ᠎ᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠣᠶᠣᠯ ᠤᠨ ᠪᠡᠯᠡ ᠣᠷᠣᠭᠤᠯᠤᠯᠲᠠ ᠶᠢᠨ ᠵᠤᠭᠠᠴᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠪᠠ᠃ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠬᠤᠢ ᠮᠧᠢ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠠ ᠸᠧᠢ᠂ ᠶᠠᠩ ᠼᠦᠩ ᠯᠢᠨ᠂ ᠰᠠᠶᠢᠬᠠᠨ‌‍ᠲ᠋ᠣᠭᠤᠷᠢᠭ ᠤᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠥᠬᠡᠬᠤᠲᠠ ᠶᠢᠨ ᠰᠠᠶᠢᠬᠠᠨ  ᠲᠣᠭᠤᠷᠢᠭ ᠤᠨ ᠸᠥ᠋ᠨ ᠳ᠋ᠠ ᠵᠤᠭᠠᠴᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠪᠡᠯᠡᠳᠬᠡᠯ ᠳᠤᠭᠤᠶᠢᠯᠠᠩ ᠤᠨ ᠬᠠᠷᠢᠭᠤᠴᠠᠯᠭᠠᠲᠠᠨ ᠨᠠᠷ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃            ᠣᠶᠢᠯᠠᠭᠠᠭᠰᠠᠨ ᠢᠶᠠᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠣᠶᠣᠯ ᠤᠨ ᠪᠡᠯᠡ ᠣᠷᠣᠭᠤᠯᠤᠯᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠲᠤᠰᠠᠭᠠᠷ ᠪᠡᠯᠡᠳᠤ ᠺᠣᠮᠫᠠᠨᠢ ᠪᠣᠯᠣᠨ᠎ᠠ᠃ ᠺᠣᠮᠫᠠᠨᠢ ᠪᠠᠶᠢᠭᠤᠯᠤᠭᠳᠠᠭᠰᠠᠨ ᠨᠢ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠰᠣᠶᠣᠯ ᠤᠨ ᠵᠤᠭᠠᠴᠠᠯ ᠤᠨ ᠡᠬᠢ ᠪᠠᠶᠠᠯᠢᠭ ᠢ ᠨᠡᠶᠢᠳᠬᠡᠬᠦ᠂ ᠰᠣᠶᠣᠯ ᠤᠨ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠣᠨ᠎ᠠ᠃
     ︽ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠣᠶᠣᠯ ᠤᠨ ᠪᠡᠯᠡ ᠣᠷᠣᠭᠤᠯᠤᠯᠲᠠ ᠶᠢᠨ ᠵᠤᠭᠠᠴᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠰᠠᠶᠢᠬᠠᠨ ᠲᠣᠭᠤᠷᠢᠭ ᠤᠨ ︿ᠨᠢᠭᠡ ᠠᠭᠤᠯᠠ ᠨᠢᠭᠡ ᠭᠤᠣᠯ ᠨᠢᠭᠡ ᠪᠤᠯᠤᠩ ᠳᠥᠷᠪᠡᠨ ᠪᠦᠰᠡ﹀ ᠶᠢᠨ ᠣᠨᠴᠠᠯᠢᠭᠲᠤ ᠳᠠᠪᠠᠭᠤᠯᠢᠭ ᠲᠠᠢ ᠤᠶᠠᠯᠳᠤᠭᠤᠯᠵᠤ᠂ ᠰᠣᠶᠣᠯ ᠵᠤᠭᠠᠴᠠᠯ ᠢ ᠠᠭᠤᠰᠤᠯᠴᠠᠭᠤᠯᠤᠭᠰᠠᠨ ᠰᠠᠭᠤᠷᠢᠨ ᠳᠡᠭᠡᠷ᠎ᠡ︿ᠰᠣᠶᠣᠯ + ᠵᠤᠭᠠᠴᠠᠯ﹀︿ᠰᠣᠶᠣᠯ ᠵᠤᠭᠠᠴᠠᠯ﹀︿ᠰᠣᠶᠣᠯ ᠵᠤᠭᠠᠴᠠᠯ+ ᠬᠤᠳᠠᠯᠳᠤᠭ᠎ᠠ﹀︿ᠰᠣᠶᠣᠯ ᠵᠤᠭᠠᠴᠠᠯ+ ᠤᠷᠠᠨ ᠲᠣᠭᠯᠠᠯᠲᠠ﹀︿ᠰᠣᠶᠣᠯ ᠵᠤᠭᠠᠴᠠᠯ+ ᠰᠢᠨᠵᠢᠯᠡᠬᠦ ᠤᠬᠠᠭᠠᠨ ᠮᠡᠷᠭᠡᠵᠢᠯ﹀ᠵᠡᠷᠭᠡ ᠤᠯᠠᠨ ᠬᠦᠷᠢᠶ᠎ᠡ ᠴᠠᠷᠠᠭ᠎ᠠ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠯᠪᠤᠭᠠᠯᠠᠨ ᠬᠥᠳᠡᠯᠦᠯᠴᠡᠬᠦ ᠬᠡᠯᠪᠡᠷᠢ ᠶᠢ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠣᠷᠣᠨ ᠵᠠᠢ ᠶᠢ ᠥᠭᠡᠷᠡᠴᠢᠯᠡᠬᠦ᠂ ᠦᠢᠯᠡᠳᠬᠦᠨ ᠢ ᠲᠥᠯᠥᠪᠯᠡᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠬᠤ᠂ ᠡᠵᠡᠩᠨᠡᠯᠲᠡ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠰᠠᠶᠢᠬᠠᠨ ᠲᠣᠭᠤᠷᠢᠭ ᠤᠨ ᠰᠣᠶᠣᠯ ᠵᠤᠭᠠᠴᠠᠯ ᠤᠨ ᠲᠦᠷᠦᠯ ᠲᠡᠮᠳᠡᠭ ᠢ ᠡᠭᠦᠳᠴᠦ᠂ ᠰᠠᠶᠢᠬᠠᠨ ᠲᠣᠭᠤᠷᠢᠭ ᠤᠨ ᠰᠣᠶᠣᠯ ᠵᠤᠭᠠᠴᠠᠯ ᠤᠨ ᠪᠦᠲᠦᠭᠡᠨ ᠪᠠᠶᠢᠭᠤᠯᠤᠯᠲᠠ ᠵᠢᠴᠢ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠣᠶᠣᠯ ᠤᠨ ᠪᠡᠯᠡ ᠣᠷᠣᠭᠤᠯᠤᠯᠲᠠ ᠶᠢᠨ ᠵᠤᠭᠠᠴᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠪᠡᠯᠡᠳᠬᠡᠯ ᠳᠤᠭᠤᠶᠢᠯᠠᠩ ᠤᠨ ᠬᠠᠷᠢᠭᠤᠴᠠᠯᠭᠠᠲᠠᠨ ᠪᠠᠢ ᠰᠢᠶᠠ ᠲᠠᠨᠢᠯᠴᠠᠭᠤᠯᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号