ᠥᠪᠥᠷ ᠮᠣᠩᠭᠤᠯ ᠤᠨ ᠢᠷᠡᠭᠡᠳᠦᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/7
     4  ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠢᠷᠡᠭᠡᠳᠦᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠰᠠᠶᠢᠬᠠᠨ ᠲᠣᠭᠤᠷᠢᠭ ᠤᠨ  ᠶᠢᠨ ᠴᠢᠶᠣᠤ ᠶᠢᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠲᠣᠭᠤᠷᠢᠭ ᠤᠨ ᠵᠢᠢ ᡁᠢ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠯᠢᠩ ᠯᠢᠩ᠂ ᠲᠣᠭᠤᠷᠢᠭ ᠤᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠢᠷᠡᠭᠡᠳᠦᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠪᠡᠯᠡᠳᠬᠡᠯ ᠳᠤᠭᠤᠶᠢᠯᠠᠩ ᠤᠨ ᠬᠠᠷᠢᠭᠤᠴᠠᠯᠭᠠᠲᠠᠨ ᠨᠠᠷ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃         ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠢᠷᠡᠭᠡᠳᠦᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠨᠢ ᠰᠢᠨ᠎ᠡ ᠪᠠᠷ ᠪᠠᠶᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠺᠣᠮᠫᠠᠨᠢ ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠦᠢᠯᠡᠴᠢᠯᠡᠭᠡ ᠵᠢᠴᠢ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠪᠠᠷᠢᠯ ᠢᠶᠠᠷ ᠳᠠᠮᠵᠢᠭᠤᠯᠤᠨ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠥᠨᠳᠥᠷ ᠪᠦᠲᠦᠮᠵᠢᠲᠡᠶ ᠡᠵᠡᠩᠨᠡᠯᠲᠡ ᠶᠢ ᠲᠦᠯᠬᠢᠨ ᠠᠬᠢᠭᠤᠯᠬᠤ ᠶᠢᠨ ᠬᠠᠮᠲᠤ ᠮᠥᠩᠭᠦᠨ ᠭᠦᠢᠯᠭᠡᠭᠡᠨ ᠤ ᠲᠥᠷᠥᠯ ᠤᠨ ᠲᠤᠬᠠᠶᠢᠯᠠᠭᠰᠠᠨ ᠠᠵᠢᠯ ᠢ ᠠᠯᠬᠤᠮ ᠠᠯᠬᠤᠮ ᠢᠶᠠᠷ ᠥᠷᠭᠡᠳᠬᠡᠵᠦ᠂ ᠰᠠᠶᠢᠬᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ ᠦᠢᠯᠡᠰ ᠤᠨ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠨ᠎ᠠ᠃ ᠲᠣᠰ ᠺᠣᠮᠫᠠᠨᠢ ᠪᠠᠰᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠦᠷᠢᠶ᠎ᠡ ᠪᠠᠨ ᠢᠳᠡᠪᠬᠢᠲᠡᠢ ᠪᠠᠷ ᠥᠷᠭᠡᠳᠬᠡᠵᠦ᠂ ᠠᠵᠤ ᠠᠬᠤᠶᠢᠯᠠᠯ ᠤᠨ ᠠᠵᠢᠯᠲᠠᠨ ᠤ ᠶᠠᠪᠤᠳᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ᠂ ᠴᠠᠯᠢᠩ ᠬᠥᠯᠥᠰᠦ ᠡᠳ᠋ ᠤᠨ ᠵᠠᠰᠠᠭ ᠭᠠᠶᠢᠯᠢ ᠶᠢᠨ ᠦᠢᠯᠡᠴᠢᠯᠡᠭᠡ᠂ ᠬᠥᠮᠥᠨ ᠤ ᠬᠦᠴᠦᠨ ᠤ ᠡᠬᠢ ᠪᠠᠶᠠᠯᠢᠭ ᠢ ᠭᠠᠳᠠᠭᠰᠢ ᠳᠠᠭᠠᠭᠠᠴᠢᠯᠠᠭᠤᠯᠬᠤ᠂ ᠴᠢᠳᠠᠪᠤᠷᠢᠲᠠᠨ ᠢ ᠢᠵᠢ ᠪᠦᠷᠢᠳᠦᠭᠦᠯᠬᠦ ᠦᠢᠯᠡᠴᠢᠯᠡᠭᠡ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠵᠦ᠂ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠵᠢᠴᠢ ᠴᠢᠳᠠᠪᠤᠷᠢᠲᠠᠨ ᠤ ᠦᠢᠯᠡᠴᠢᠯᠡᠭᠡᠨ ᠤ ᠬᠥᠭᠵᠢᠯᠲᠡ ᠳᠤ ᠲᠥᠬᠦᠮ ᠦᠵᠡᠭᠦᠯᠪᠡ᠃ ᠥᠪᠥᠷ ᠮᠣᠩᠭᠤᠯ ᠤᠨ ᠢᠷᠡᠭᠡᠳᠦᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠪᠠᠶᠢᠭᠤᠯᠤᠭᠳᠠᠭᠰᠠᠨ ᠨᠢ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ  ᠴᠢᠬᠤᠯᠠ ᠠᠷᠭ᠎ᠠ ᠬᠡᠮᠵᠢᠶ᠎ᠡ ᠶᠢᠨ ᠨᠢᠭᠡ᠃
     2024 ᠣᠨ ᠪᠣᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠵᠠᠩᠭᠢᠯᠠᠭ᠎ᠠ ᠶᠢᠨ ᠵᠢᠯ᠂ ᠮᠦᠨᠴᠦ ᠪᠣᠭᠤᠮᠲᠠ ᠰᠢᠪᠲᠤᠯᠬᠤ ᠵᠢᠯ ᠮᠥᠨ᠃ ᠰᠠᠶᠢᠬᠠᠨ ᠲᠣᠭᠤᠷᠢᠭ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠂ ᠲᠤᠰ ᠺᠣᠮᠫᠠᠨᠢ ᠶᠢᠨ ᠪᠠᠶᠢᠭᠤᠯᠤᠭᠳᠠᠭᠰᠠᠨ ᠨᠢ ᠰᠠᠶᠢᠬᠠᠨ ᠲᠣᠭᠤᠷᠢᠭ ᠵᠢᠴᠢ ᠪᠦᠬᠦ᠋ᠢᠯᠡ ᠬᠥᠬᠡᠬᠤᠲᠠ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠵᠤ ᠦᠢᠯᠡᠰ ᠤᠨ ᠲᠡᠰ ᠳᠡᠪᠰᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号