ᠮᠠᠨ ᠤ ᠤᠯᠤᠰ ᠰᠢᠶᠠᠨ ᠤ ᠪᠦᠰᠡ ᠶᠢᠨ ᠬᠥᠳᠡᠭᠡ ᠲᠣᠰᠬᠤᠨ ᠳᠤ ᠨᠢᠭᠡ ᠪᠦᠯᠦᠭ ᠲᠤᠬᠠᠢ ᠶᠢᠨ ᠭᠠᠵᠠᠷ  ᠲᠤᠨᠢ ᠰᠠᠯᠬᠢᠨ ᠬᠦᠴᠦᠨ ᠤ ᠴᠠᠭᠢᠯᠭᠠᠨ ᠤ ᠲᠥᠷᠥᠯ ᠵᠦᠢᠯ ᠢ ᠪᠠᠶᠢᠭᠤᠯᠬᠤ ᠪᠠᠷ ᠪᠤᠶ
ᠨᠡᠶᠢᠲᠡᠯᠡᠭᠰᠡᠨ ᠴᠠᠭ᠄
2024/4/7
     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 1 ᠤ ᠡᠳᠦᠷ ᠮᠡᠳᠡᠭᠡ ᠨᠡᠶᠢᠲᠡᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢᠨ ᠬᠦᠴᠦᠨ ᠤ ᠡᠬᠢ ᠪᠠᠶᠠᠯᠢᠭ ᠢ ᠠᠰᠢᠭᠯᠠᠬᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠨᠥᠬᠦᠴᠡᠯ ᠪᠦᠷᠢᠳᠦᠭᠰᠡᠨ ᠰᠢᠶᠠᠨ ︵ᠬᠤᠳᠠ᠂ ᠲᠣᠭᠤᠷᠢᠭ᠂ ᠬᠤᠰᠢᠭᠤ︶ ᠤ ᠪᠦᠰᠡ ᠶᠢᠨ ᠬᠥᠳᠡᠭᠡ ᠲᠣᠰᠬᠤᠨ ᠤ ᠭᠠᠵᠠᠷ ᠣᠷᠣᠨ ᠳᠤ ᠲᠣᠰᠬᠤᠨ ᠢᠶᠠᠷ ᠨᠢᠭᠡᠴᠢ ᠪᠣᠯᠭᠠᠨ᠂ ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠤᠨᠢ ᠨᠡᠭᠡᠭᠡᠨ ᠠᠰᠢᠭᠯᠠᠬᠤ ᠨᠢᠭᠡ ᠪᠦᠯᠦᠭ ᠰᠠᠯᠬᠢᠨ ᠬᠦᠴᠦᠨ ᠤ ᠴᠠᠭᠢᠯᠭᠠᠨ ᠤ ᠲᠦᠷᠦᠯ ᠵᠦᠢᠯ ᠢ ᠪᠠᠶᠢᠭᠤᠯᠤᠨ᠎ᠠ ᠭᠡᠵᠦ ᠳᠤᠷᠠᠳᠪᠠ᠃      ᠰᠠᠯᠬᠢᠨ ᠬᠦᠴᠦᠨ ᠤ ᠡᠬᠢ ᠪᠠᠶᠠᠯᠢᠭ ᠢ ᠠᠰᠢᠭᠯᠠᠬᠤ ᠠᠵᠢᠯᠯᠠᠭ᠎ᠠ ᠳᠤ᠂ ᠪᠠᠶᠢᠭᠤᠯᠤᠭᠰᠠᠨ ᠰᠠᠯᠬᠢᠨ ᠬᠦᠴᠦᠨ ᠤ ᠴᠠᠭᠢᠯᠭᠠᠨ ᠤ ᠲᠥᠷᠥᠯ ᠵᠦᠢᠯ ᠨᠢ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠤ ᠲᠣᠰᠬᠤᠨ ᠨᠢᠭᠡ ᠪᠦᠷᠢ ᠳᠤ 20 ᠮᠧᠭ᠎ᠠ ᠸᠠᠲ ᠠᠴᠠ ᠬᠡᠲᠦᠷᠡᠵᠦ ᠪᠤᠯᠬᠤ ᠦᠭᠡᠢ᠂ ᠡᠭᠦᠨ ᠤ ᠵᠡᠷᠭᠡ ᠳᠤ ︽ᠲᠣᠰᠬᠤᠨ ᠪᠠ ᠠᠵᠤ ᠠᠬᠤᠶᠢᠯᠠᠯ ᠬᠠᠮᠲᠤᠷᠠᠯᠴᠠᠬᠤ︾ ᠰᠠᠯᠬᠢᠨ ᠬᠦᠴᠦᠨ ᠤ ᠴᠠᠭᠢᠯᠭᠠᠨ ᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠪᠠ ︽ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠨ᠎ᠡ ᠲᠣᠭᠲᠠᠴᠠ ᠶᠢ ᠰᠦᠪᠡᠭᠴᠢᠯᠡᠨ ᠪᠤᠶ ᠪᠤᠯᠭᠠᠵᠤ᠂ ︽ᠲᠣᠰᠬᠤᠨ ᠳᠤ ᠰᠠᠯᠬᠢᠨ ᠬᠦᠴᠦᠨ ᠤ ᠴᠠᠭᠢᠯᠭᠠᠨ ᠲᠠᠢ᠂ ᠬᠠᠮᠲᠤ ᠪᠠᠷ ᠠᠰᠢᠭ ᠣᠷᠣᠯᠭ᠎ᠠ ᠪᠠᠨ ᠨᠡᠮᠡᠭᠳᠡᠭᠦᠯᠬᠦ᠂ ᠲᠣᠰᠬᠤᠨ ᠤ ᠠᠷᠠᠳ ᠪᠣᠳᠠᠲᠤ ᠠᠰᠢᠭ ᠭᠦᠷᠳᠡᠭᠦ︾ ᠰᠠᠯᠬᠢᠨ ᠬᠦᠴᠦᠨ ᠤ ᠴᠠᠭᠢᠯᠭᠠᠨ ᠤ ᠨᠡᠭᠡᠭᠡᠨ ᠠᠰᠢᠭᠯᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃      ᠠᠵᠢᠯᠯᠠᠭ᠎ᠠ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠨᠢᠭᠡᠳᠦᠯᠲᠡᠢ ᠲᠥᠯᠥᠪᠵᠢᠭᠦᠯᠦᠨ ᠠᠷᠭ᠎ᠠ ᠰᠦᠪᠡᠭᠴᠢᠯᠡᠵᠦ᠂ ᠲᠣᠰᠬᠤᠨ ᠠᠵᠤ ᠠᠬᠤᠶᠢᠯᠠᠯ ᠬᠠᠮᠲᠤᠷᠠᠯᠴᠠᠬᠤ᠂ ᠠᠷᠠᠳ ᠲᠤ ᠠᠰᠢᠭ ᠬᠦᠷᠲᠡᠭᠡᠬᠦ ᠵᠢᠴᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠠᠭᠤᠰᠤᠯᠴᠠᠭᠤᠯᠤᠨ ᠬᠥᠭᠵᠢᠭᠦᠯᠬᠦ ᠦᠨᠳᠦᠰᠦᠨ ᠵᠠᠷᠴᠢᠮ ᠨᠢ ᠡᠯ᠎ᠡ ᠭᠠᠵᠠᠷ ᠤᠨ ᠬᠥᠳᠡᠭᠡ ᠲᠣᠰᠬᠤᠨ ᠤ ᠰᠠᠯᠬᠢᠨ ᠤ ᠡᠨᠧᠷᠭᠢ ᠶᠢᠨ ᠡᠬᠢ ᠪᠠᠶᠠᠯᠢᠭ ᠪᠣᠯᠣᠨ ᠰᠤᠯᠠ ᠰᠡᠯᠡᠭᠦᠦ ᠭᠠᠵᠠᠷ ᠰᠢᠷᠣᠢ ᠶᠢᠨ ᠡᠬᠢ ᠪᠠᠶᠠᠯᠢᠭ ᠢᠶᠠᠷ ᠰᠠᠭᠤᠷᠢ ᠪᠤᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠲᠠᠢ ᠤᠶᠠᠯᠳᠤᠭᠤᠯᠵᠤ᠂ ᠲᠣᠰᠬᠤᠨ ᠢᠶᠠᠷ ᠨᠢᠭᠡᠴᠢ ᠪᠤᠯᠭᠠᠵᠤ᠂ ᠲᠣᠰᠬᠤᠨ ᠤ ᠠᠵᠤ ᠠᠬᠤᠶᠢᠯᠠᠯ ᠬᠠᠮᠲᠤᠷᠠᠯᠴᠠᠬᠤ ᠪᠠᠷ ᠭᠤᠣᠯ ᠭᠡᠯᠪᠡᠷᠢ ᠪᠤᠯᠭᠠᠵᠤ᠂ ᠠᠰᠢᠭ ᠣᠯᠵᠠᠪᠤᠷᠢ ᠶᠢ ᠬᠠᠮᠲᠤ ᠪᠠᠷ ᠡᠳ᠋ᠯᠡᠬᠦ ᠪᠠᠷ ᠵᠣᠷᠢᠯᠭ᠎ᠠ ᠪᠤᠯᠭᠠᠵᠤ᠂ ᠭᠠᠵᠠᠷ ᠬᠡᠷᠡᠭᠯᠡᠬᠦ ᠪᠠ ᠣᠷᠴᠢᠨ ᠲᠣᠭᠤᠷᠢᠨ ᠢ ᠬᠠᠮᠠᠭᠠᠯᠠᠬᠤ ᠲᠦᠷᠦ ᠶᠢᠨ ᠪᠣᠳᠣᠯᠭ᠎ᠠ ᠳᠤ ᠨᠡᠶᠢᠴᠡᠭᠦᠯᠬᠦ ᠪᠠᠷ ᠤᠷᠢᠲᠠᠯ ᠪᠣᠯᠭᠠᠨ᠎ᠠ᠃      ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠠᠯ᠎ᠠ ᠪᠠᠷ᠂ ᠠᠵᠢᠯᠯᠠᠭ᠎ᠠ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠬᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠬᠤ ᠦᠭᠡᠢ ᠤᠷᠢᠲᠠᠯ ᠳᠣᠣᠷ᠎ᠠ᠂ ᠬᠥᠳᠡᠭᠡ ᠲᠣᠰᠬᠤᠨ ᠤ ᠲᠠᠷᠠᠬᠠᠢ ᠪᠤᠲᠠᠷᠬᠠᠢ ᠲᠠᠷᠢᠶᠠᠨ ᠭᠠᠵᠠᠷ ᠤᠨ ᠪᠤᠰᠤ ᠭᠠᠵᠠᠷ ᠢ ᠭᠦᠢᠴᠡᠳ ᠠᠰᠢᠭᠯᠠᠵᠤ᠂ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢᠨ ᠤ ᠡᠬᠢ ᠪᠠᠶᠠᠯᠢᠭ ᠢ ᠠᠰᠢᠭᠯᠠᠬᠤ ᠠᠵᠢᠯᠯᠠᠭ᠎ᠠ︾ ᠶᠢᠨ ᠰᠠᠯᠬᠢᠨ ᠬᠦᠴᠦᠨ ᠤ ᠴᠠᠭᠢᠯᠭᠠᠨ ᠤ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠨ᠎ᠡ ᠭᠡᠵᠦ ᠲᠣᠳᠣᠷᠬᠠᠢ ᠲᠣᠭᠲᠠᠭᠠᠪᠠ᠃      ᠲᠠᠨᠢᠯᠴᠠᠭᠤᠯᠤᠭᠰᠠᠨ ᠢᠶᠠᠷ᠂ ᠮᠠᠨ ᠤ ᠤᠯᠤᠰ ᠤᠨ ᠬᠥᠳᠡᠭᠡ ᠲᠣᠰᠬᠤᠨ ᠤ ᠰᠠᠯᠬᠢᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠲᠠᠷᠬᠠᠯᠲᠠ ᠥᠷᠭᠡᠨ ᠳᠡᠯᠭᠡᠷ ᠪᠠᠶᠢᠳᠠᠭ᠃ ᠬᠥᠳᠡᠭᠡ ᠲᠣᠰᠬᠤᠨ ᠤ ᠭᠠᠵᠠᠷ ᠣᠷᠣᠨ ᠳᠤ ᠲᠠᠷᠠᠬᠠᠢ ᠪᠤᠲᠠᠷᠬᠠᠢ ᠭᠠᠵᠠᠷ ᠰᠢᠷᠣᠢ ᠶᠢ ᠭᠦᠢᠴᠡᠳ ᠠᠰᠢᠭᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠯᠬᠢᠨ ᠬᠦᠴᠦᠨ ᠤ ᠴᠠᠭᠢᠯᠭᠠᠨ ᠢ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠨᠡᠭᠡᠭᠡᠨ ᠠᠰᠢᠭᠯᠠᠬᠤ ᠶᠢ ᠠᠬᠢᠭᠤᠯᠬᠤ ᠨᠢ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号