ᠰᠠᠶᠢᠬᠠᠨ ᠲᠣᠭᠤᠷᠢᠭ ᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠰᠢᠬᠢᠳᠦᠮᠡᠯ ᠮᠠᠶ᠋ᠢᠭ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠬᠠᠷᠢᠯᠴᠠᠨ ᠬᠠᠪᠰᠤᠷᠴᠤ ᠬᠠᠷᠢᠯᠴᠠᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/8
     ᠬᠠᠷᠢᠯᠴᠠᠨ ᠰᠢᠭᠢᠳᠬᠦ ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ  ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠪᠤᠶ ᠪᠣᠯᠭᠠᠵᠤ᠂ ᠨᠡᠶᠢᠭᠡᠮ ᠤᠨ ᠵᠠᠰᠠᠯᠲᠠ ᠪᠣᠯᠣᠨ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢ ᠣᠷᠭᠠᠨᠢᠭ ᠢᠶᠠᠷ ᠤᠶᠠᠯᠳᠤᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ 4 ᠰᠠᠷ᠎ᠠ ᠶᠢᠨ 3 ᠤ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠠᠴᠠ ᠬᠡᠰᠡᠭ ᠵᠡᠭᠡᠯᠢ ᠭᠤᠳᠤᠮᠵᠢ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠡᠯ᠎ᠡ ᠲᠤᠷᠰᠢᠯᠲᠠ ᠶᠢᠨ ᠴᠢᠭ᠋ ᠤᠨ ᠨᠡᠶᠢᠭᠡᠮ ᠲᠣᠭᠤᠷᠢᠭ ᠤᠨ ᠱᠦᠵᠢ ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠰᠠᠶᠢᠬᠠᠨ ᠲᠣᠭᠤᠷᠢᠭ ᠤᠨ ᠨᠢᠭᠡᠨᠲᠡ ᠡᠭᠦᠳᠦᠨ ᠪᠠᠶᠢᠭᠤᠯᠤᠭᠠᠳ ᠠᠮᠵᠢᠯᠲᠠ ᠣᠯᠣᠭᠰᠠᠨ ᠨᠡᠶᠢᠭᠡᠮ ᠲᠣᠭᠤᠷᠢᠭ ᠲᠤ ᠬᠦᠷᠴᠦ ᠬᠠᠷᠢᠯᠴᠠᠨ ᠬᠠᠪᠰᠤᠷᠴᠤ ᠬᠠᠷᠢᠯᠴᠠᠨ ᠰᠤᠷᠤᠯᠴᠠᠵᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ᠃
    ᠲᠣᠭᠤᠷᠢᠨ ᠦᠵᠡᠬᠦ ᠳᠤᠭᠤᠶᠢᠯᠠᠩ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠴᠢᠶᠠᠨ ᠶᠢᠨ ᠭᠤᠳᠤᠮᠵᠢ ᠶᠢᠨ ᠨᠡᠶᠢᠭᠡᠮ ᠲᠣᠭᠤᠷᠢᠭ᠂ ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠰᠢᠩ ᠺᠠᠩ ᠨᠡᠶᠢᠭᠡᠮ ᠲᠣᠭᠤᠷᠢᠭ᠂ ᠵᠤᠤ ᠤᠳᠠ ᠶᠢᠨ ᠡᠮᠦᠨ᠎ᠡ ᠵᠠᠮ ᠤᠨ ᠲᠠᠷᠳᠠᠨ ᠨᠡᠶᠢᠭᠡᠮ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠶᠢᠯᠤᠮᠵᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠦᠨᠳᠦᠰᠦᠲᠡᠨ ᠤ ᠬᠠᠷᠢᠯᠴᠠᠨ ᠰᠢᠭᠢᠳᠬᠡᠭᠰᠡᠨ ᠬᠡᠯᠪᠡᠷᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠠᠵᠢᠯ ᠢ ᠥᠷᠨᠢᠭᠦᠯᠬᠦ ᠰᠡᠳᠬᠢᠴᠡ᠂ ᠠᠷᠭ᠎ᠠ ᠬᠡᠮᠵᠢᠶ᠎ᠡ᠂ ᠬᠢᠯᠠᠰ ᠴᠡᠭ ᠵᠢᠴᠢ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃         ᠴᠢᠶᠠᠨ ᠶᠢᠨ ᠰᠢᠶᠠᠩ ᠨᠡᠶᠢᠭᠡᠮ ᠲᠣᠭᠤᠷᠢᠭ ᠲᠤ᠂ ᠦᠵᠡᠭᠦᠯᠦᠯᠭᠡ ᠶᠢᠨ ᠳᠤᠭᠤᠶᠢᠯᠠᠩ ᠤᠨ ᠬᠢᠨ ᠤ ᠣᠶᠢᠯᠠᠭᠠᠭᠰᠠᠨ ᠢᠶᠠᠷ᠂ ᠲᠣᠰ ᠨᠡᠶᠢᠭᠡᠮ ᠲᠣᠭᠤᠷᠢᠭ ᠤᠨ ᠬᠢᠨ ︽ᠣᠷᠣᠨ ᠵᠠᠢ ᠬᠠᠷᠢᠯᠴᠠᠨ ᠰᠢᠭᠢᠳᠬᠡᠭᠰᠡᠨ᠂ ᠠᠵᠤ ᠠᠬᠤᠢ ᠬᠠᠷᠢᠯᠴᠠᠨ ᠰᠢᠭᠢᠳᠬᠡᠭᠰᠡᠨ᠂ ᠨᠡᠶᠢᠭᠡᠮ ᠬᠠᠷᠢᠯᠴᠠᠨ ᠰᠢᠭᠢᠳᠬᠡᠭᠰᠡᠨ᠂ ᠰᠣᠶᠣᠯ ᠬᠠᠷᠢᠯᠴᠠᠨ ᠰᠢᠭᠢᠳᠬᠡᠭᠰᠡᠨ᠂ ᠰᠡᠳᠬᠢᠴᠡ ᠬᠠᠷᠢᠯᠴᠠᠨ ᠰᠢᠭᠢᠳᠬᠡᠭᠰᠡᠨ︾ ᠢᠶᠠᠷ ᠭᠤᠣᠯ ᠠᠭᠤᠯᠭ᠎ᠠ ᠪᠣᠯᠭᠠᠭᠰᠠᠨ ᠨᠡᠶᠢᠭᠡᠮ ᠲᠣᠭᠤᠷᠢᠭ ᠤᠨ ᠵᠠᠰᠠᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠡᠢ᠃ ᠰᠤᠷᠭᠠᠨ ᠬᠥᠮᠦᠵᠢᠯ ᠤᠨ ᠭᠤᠣᠯ ᠬᠦᠷᠢᠶᠡᠨ ᠤ ᠳᠠᠪᠠᠭᠤᠯᠢᠭ ᠲᠤ ᠰᠠᠭᠤᠷᠢᠯᠠᠵᠤ᠂ ᠤᠯᠠᠨ ᠲᠠᠯ᠎ᠠ ᠪᠠᠷ ᠬᠤᠯᠪᠤᠭᠠᠯᠠᠨ ᠬᠠᠮᠲᠤᠷᠠᠯᠴᠠᠵᠤ᠂ ᠤᠯᠠᠨ ᠦᠨᠳᠦᠰᠦᠲᠡᠨ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠲᠣᠭᠤᠷᠢᠭ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠬᠥᠭᠦᠷᠭᠡ ᠶᠢ ᠴᠣᠭᠴᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠡᠢ᠃
         ᠰᠢᠩ ᠺᠠᠩ ᠨᠡᠶᠢᠭᠡᠮ ᠲᠣᠭᠤᠷᠢᠭ ᠨᠢ ᠲᠣᠰ ᠪᠡᠶ᠎ᠡ ᠶᠢᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠣᠯᠠᠨ᠂ ᠨᠠᠰᠤᠲᠠᠶᠢᠴᠤᠳ ᠤᠨ ᠬᠠᠮᠲᠤᠯᠢᠭ ᠣᠯᠠᠨ᠂ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠥᠮᠥᠨ ᠠᠮᠠ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ︽ᠨᠠᠰᠤᠲᠠᠨ ᠨᠢ ᠪᠠᠭᠠᠴᠤᠳ ᠢᠶᠠᠨ ᠲᠤᠰᠠᠯᠠᠬᠤ᠂ ᠪᠠᠭᠠᠴᠤᠳ  ᠨᠢ ᠨᠠᠰᠤᠲᠠᠶᠢᠴᠤᠳ ᠢᠶᠠᠨ ᠲᠣᠬᠤᠨᠢᠭᠤᠯᠬᠤ︾ ᠬᠠᠷᠢᠯᠴᠠᠨ ᠬᠠᠪᠰᠤᠷᠤᠯᠴᠠᠬᠤ ᠵᠠᠭᠪᠤᠷ ᠢ ᠪᠣᠶ ᠪᠣᠯᠭᠠᠪᠠ᠃ ᠨᠡᠶᠢᠭᠡᠮ ᠲᠣᠭᠤᠷᠢᠭ ᠤᠨ ᠰᠣᠶᠣᠯ ᠤᠨ ᠥᠷᠲᠡᠭᠡ ᠶᠢ ᠪᠠᠶᠢᠭᠤᠯᠵᠤ᠂ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠠᠰᠤᠭ᠂ ᠪᠥᠵᠢᠭ ᠤᠨ ᠲᠠᠰᠤᠭ᠂ ᠤᠷᠠᠨ ᠪᠢᠴᠢᠯᠭᠡ ᠤᠷᠠᠨ ᠵᠢᠷᠤᠭ ᠤᠨ ᠲᠠᠰᠤᠭ ᠵᠡᠷᠭᠡ ᠴᠢᠳᠠᠮᠵᠢ ᠶᠢᠨ ᠲᠠᠰᠤᠭ ᠢ ᠪᠠᠶᠢᠭᠤᠯᠵᠤ ᠂ ᠨᠡᠶᠢᠭᠡᠮ ᠲᠣᠭᠤᠷᠢᠭ ᠤᠨ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠤᠬᠠᠭᠤᠯᠬᠤ ᠠᠩᠭᠢ ᠶᠢ ᠪᠠᠶᠢᠭᠤᠯᠵᠤ᠂ ᠡᠯ᠎ᠡ ᠵᠦᠢᠯ ᠤᠨ ᠵᠤᠭ᠎ᠠ ᠴᠡᠩᠭᠡᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠡᠯᠪᠡᠭ ᠪᠠᠶᠠᠯᠢᠭ ᠣᠶᠤᠨ ᠰᠠᠨᠠᠭᠠᠨ ᠤ ᠠᠮᠢᠳᠤᠷᠠᠯ ᠢ ᠬᠠᠩᠭᠠᠨ᠎ᠠ᠃ ᠤᠯᠠᠭᠠᠨ ᠠᠨᠠᠷ ᠤᠨ ᠦᠷᠳᠡᠭᠡ ᠶᠢ ᠪᠠᠶᠢᠭᠤᠯᠵᠤ᠂ ᠥᠨᠢ ᠡᠭᠦᠷᠢᠳᠡ ᠨᠠᠮ ᠢᠶᠠᠨ ᠲᠠᠭᠠᠬᠤ᠂ ᠦᠨᠳᠦᠰᠦᠲᠡᠨ ᠨᠦᠭᠦᠳ ᠪᠦᠯᠬᠦᠮᠳᠡᠨ ᠬᠠᠮᠲᠤᠪᠠᠷ ᠲᠠᠪᠰᠢᠬᠤ᠂ ᠦᠨᠳᠦᠰᠦᠲᠡᠨ ᠨᠦᠭᠦᠳ ᠤᠨ ᠬᠦᠴᠢᠷᠳᠡᠯᠲᠡᠢ ᠬᠥᠮᠥᠰ ᠢ ᠬᠠᠯᠠᠮᠵᠢᠯᠠᠨ ᠬᠠᠶᠢᠷᠠᠯᠠᠬᠤ ᠵᠡᠷᠭᠡ ᠤᠯᠠᠨ ᠲᠠᠯ᠎ᠠ ᠠᠴᠠ ᠡᠭᠦᠰᠴᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠰᠢᠯᠢᠳᠡᠭ ᠰᠠᠶᠢᠨ ᠦᠢᠯᠡᠴᠢᠯᠡᠭᠡ ᠬᠠᠩᠭᠠᠨ᠎ᠠ᠃
     ᠲᠠᠷᠳᠠᠨ ᠨᠡᠶᠢᠭᠡᠮ ᠲᠣᠭᠤᠷᠢᠭ ᠤᠨ ᠬᠢᠨ ︽ᠤᠯᠠᠭᠠᠨ ᠬᠥᠳᠡᠯᠭᠡᠬᠦ ᠬᠦᠴᠦᠨ︾ ᠢᠶᠠᠷ ᠭᠤᠣᠯ ᠪᠣᠯᠭᠠᠵᠤ᠂ ᠲᠣᠰ ᠪᠡᠶ᠎ᠡ ᠶᠢᠨ ᠣᠨᠴᠠᠯᠢᠭ ᠲᠠᠢ ︽ᠭᠤᠷᠪᠠᠨ ᠲᠣᠭᠤᠷᠢᠭ ᠢ ᠬᠠᠮᠲᠤᠪᠠᠷ ᠪᠠᠶᠢᠭᠤᠯᠬᠤ︾ ᠵᠠᠭᠪᠤᠷ ᠢ ᠪᠠᠶᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠢ ᠬᠥᠲᠥᠯᠥᠨ ᠳᠠᠭᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠪᠦᠯᠬᠦᠮᠳᠡᠯ ᠢᠶᠠᠷ ᠲᠣᠭᠲᠠᠭᠤᠨ ᠢ ᠠᠬᠢᠭᠤᠯᠬᠤ᠂ ᠲᠣᠭᠲᠠᠭᠤᠨ ᠢᠶᠠᠷ ᠵᠠᠰᠠᠯᠲᠠ ᠶᠢ ᠠᠬᠢᠭᠤᠯᠬᠤ᠂ ᠵᠠᠰᠠᠯᠲᠠ ᠪᠠᠷ ᠬᠥᠭᠵᠢᠯᠲᠡ ᠶᠢ ᠠᠬᠢᠭᠤᠯᠬᠤ ᠰᠠᠶᠢᠨ ᠣᠷᠴᠢᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠠᠵᠢᠯ ᠢ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠯᠦᠭᠡ ᠭᠦᠨᠵᠡᠭᠡᠢ ᠠᠭᠤᠰᠤᠯᠴᠠᠭᠤᠯᠤᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃
         ᠲᠣᠭᠤᠷᠢᠨ ᠦᠵᠡᠭᠰᠡᠨ ᠤ ᠳᠠᠷᠠᠭ᠎ᠠ᠂ ᠣᠯᠠᠨ ᠢᠶᠠᠷ ᠢᠶᠠᠨ᠄ ᠲᠤᠰ ᠤᠳᠠᠭᠠᠨ ᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠦᠵᠡᠭᠦᠯᠦᠯᠭᠡ ᠶᠢᠨ ᠨᠡᠶᠢᠭᠡᠮ ᠲᠣᠭᠤᠷᠢᠭ ᠤᠨ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠬᠢᠨᠠᠮᠠᠭᠠᠢ ᠰᠤᠷᠤᠯᠴᠠᠨ ᠯᠠᠪᠯᠠᠯᠲᠠ ᠪᠣᠯᠭᠠᠵᠤ᠂ ᠪᠠᠶᠢᠭ᠎ᠠ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠨᠵᠡᠭᠡᠢ ᠠᠭᠤᠳᠠᠯᠵᠤ᠂ ᠬᠠᠷᠢᠯᠴᠠᠨ ᠬᠠᠪᠰᠤᠷᠴᠤ ᠬᠠᠷᠢᠯᠴᠠᠨ ᠰᠤᠷᠤᠯᠴᠠᠬᠤ ᠳᠤᠮᠳᠠ ᠦᠨᠳᠦᠰᠦᠲᠡᠨ ᠨᠦᠭᠦᠳ ᠤᠨ ᠬᠠᠷᠢᠯᠴᠠᠨ ᠰᠢᠭᠢᠳᠬᠦ ᠮᠠᠶ᠋ᠢᠭ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠬᠠᠨ ᠨᠡᠶᠢᠭᠡᠮ ᠲᠣᠭᠤᠷᠢᠭ ᠤᠨ ᠬᠦᠴᠦᠨ ᠴᠢᠳᠠᠯ ᠢᠶᠠᠨ ᠨᠡᠮᠡᠷᠢᠯᠡᠨ᠎ᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号