ᠰᠠᠶᠢᠬᠠᠨ ᠲᠣᠭᠤᠷᠢᠭ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠬᠤᠪᠢᠰᠬᠠᠯ ᠤᠨ ᠰᠣᠶᠣᠯ ᠢ ᠤᠯᠠᠮᠵᠢᠯᠠᠪᠠ
ᠨᠡᠶᠢᠲᠡᠯᠡᠭᠰᠡᠨ ᠴᠠᠭ᠄
2024/4/8
     ᠰᠠᠶᠢᠬᠠᠨ ᠲᠣᠭᠤᠷᠢᠭ ᠬᠠᠩᠰᠢ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠤᠪᠢᠰᠬᠠᠯ ᠤᠨ ᠰᠣᠶᠣᠯ ᠤᠨ ᠤᠯᠠᠮᠵᠢᠯᠠᠯ ᠂ ᠬᠠᠩᠰᠢ ᠶᠢᠨ ᠤᠯᠠᠮᠵᠢᠯᠠᠯᠲᠤ ᠵᠠᠩ ᠳᠠᠳᠬᠠᠯ ᠲᠠᠢ ᠤᠶᠠᠯᠳᠤᠭᠤᠯᠵᠤ᠂ ᠦᠷᠡᠭᠳᠡᠭᠰᠡᠨ ᠪᠠᠭᠠᠲᠤᠷᠴᠤᠳ ᠢᠶᠠᠨ ᠬᠦᠨᠳᠦᠳᠬᠡᠨ ᠪᠢᠰᠢᠷᠡᠵᠦ ᠪᠠᠶᠢᠬᠤ ᠰᠡᠳᠬᠢᠯᠭᠡ ᠪᠠᠨ ᠢᠯᠡᠳᠬᠡᠵᠡᠢ᠃
     ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠣᠷ᠎ᠠ ᠴᠠᠭᠠᠵᠠᠯᠠᠬᠤ ᠶᠡᠭᠡ ᠠᠩᠭᠢ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ᠠᠵᠢᠯᠯᠠᠭ᠎ᠠ ᠥᠷᠨᠢᠭᠦᠯᠵᠡᠢ᠃ ᠲᠥᠪ ᠬᠢᠴᠢᠶᠡᠩᠭᠦᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠣᠷᠠᠲᠤ ᠡᠳ᠋ ᠢ ᠴᠠᠭᠠᠵᠠᠯᠠᠬᠤ ᠶᠡᠭᠡ ᠠᠩᠭᠢ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ ᠨᠠᠷ ᠲᠡᠷᠢ ᠲᠡᠭᠰᠢ ᠵᠢᠭᠰᠠᠵᠤ᠂ ᠲᠥᠪ ᠬᠢᠴᠢᠶᠡᠩᠭᠦᠢ ᠪᠠᠷ ᠨᠠᠮᠠᠨᠴᠢᠯᠠᠨ ᠭᠠᠰᠢᠭᠤᠳᠠᠭᠰᠠᠨ ᠤ ᠳᠠᠷᠠᠭ᠎ᠠ᠂ ᠡᠷᠡᠰ ᠪᠠᠲᠤ ᠪᠥᠭᠡᠳ ᠰᠦᠷ ᠵᠢᠪᠬᠤᠯᠠᠩᠲᠠᠢ ᠪᠠᠷ ᠠᠯᠬᠤᠯᠠᠵᠤ᠂ ᠦᠷᠡᠭᠳᠡᠭᠰᠡᠨ ᠪᠠᠭᠠᠲᠤᠷᠴᠤᠳ ᠤᠨ ᠤᠩᠭᠤᠨ ᠤ ᠬᠥᠰᠢᠶ᠎ᠡ ᠶᠢᠨ ᠡᠮᠦᠨ᠎ᠡ ᠬᠦᠷᠴᠦ᠂ ᠴᠡᠴᠡᠭ ᠬᠦᠷᠭᠡᠵᠦ᠂ ᠭᠦᠨ ᠰᠡᠳᠬᠢᠯᠭᠡ ᠲᠠᠢ ᠪᠠᠷ ᠪᠠᠷᠠᠳᠠᠵᠤ᠂ ᠲᠡᠷᠡᠬᠦ ᠪᠠᠯᠠᠷᠠᠰᠢ ᠦᠭᠡᠢ ᠡᠷᠡᠯᠬᠡᠭ ᠪᠠᠭᠠᠲᠤᠷᠯᠢᠭ ᠪᠠ ᠦᠷᠡᠭᠳᠡᠯ ᠰᠦᠢᠳᠦᠯ ᠢ ᠰᠡᠳᠬᠢᠯ ᠵᠢᠷᠦᠬᠡᠨ ᠠᠴᠠ ᠪᠠᠨ ᠮᠡᠳᠡᠷᠡᠪᠡ᠃
      ᠳᠠᠷᠠᠭ᠎ᠠ ᠳᠤᠨᠢ᠂ ᠤᠯᠠᠨ ᠢᠶᠠᠷ ᠢᠶᠠᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠢᠳᠡ ᠬᠦᠴᠦᠲᠡᠢ ᠲᠠᠩᠭᠠᠷᠢᠭ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠴᠤᠤᠷᠢᠶᠠᠲᠤᠵᠤ᠂ ᠠᠷᠠᠳ ᠤᠨ ᠲᠤᠰᠠᠯᠠᠬᠤ ᠴᠠᠭᠳᠠᠭ᠎ᠠ ᠨᠢᠭᠡᠪᠦᠷᠢ ᠶᠢᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠ ᠠᠷᠠᠳ ᠲᠦᠮᠡᠨ ᠳᠤ ᠡᠭᠦᠷᠭᠡᠯᠡᠵᠦ ᠪᠠᠶᠢᠬᠤ ᠬᠠᠷᠢᠭᠤᠴᠠᠯᠭ᠎ᠠ ᠶᠢ ᠬᠠᠷᠠᠭᠤᠯᠪᠠ᠃ ᠠᠵᠢᠯᠯᠠᠭ᠎ᠠ ᠶᠢᠨ ᠡᠴᠦᠰ ᠲᠤ᠂ ᠬᠤᠣᠷ᠎ᠠ ᠴᠠᠭᠠᠵᠠᠯᠠᠬᠤ ᠶᠡᠭᠡ ᠠᠩᠭᠢ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠦᠵᠡᠭᠦᠯᠦᠯᠭᠡ ᠶᠢᠨ ᠦᠷᠦᠬᠡ ᠶᠢ ᠲᠣᠭᠤᠷᠢᠨ ᠦᠵᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠢ ᠤᠩᠰᠢᠵᠤ᠂ ᠭᠠᠶᠢᠬᠠᠮᠰᠢᠭᠲᠤ ᠣᠨ ᠰᠠᠷ᠎ᠠ ᠶᠢᠨ ᠬᠤᠪᠢᠰᠬᠠᠯ ᠤᠨ ᠳᠤᠷᠠᠰᠤᠮᠵᠢ ᠶᠢ ᠳᠠᠬᠢᠨ ᠡᠷᠭᠢᠴᠡᠭᠦᠯᠪᠡ᠃
     ᠬᠤᠸᠠᠩ ᠡᡁᠸ ᠱᠤᠤ ᠪᠠᠯᠭᠠᠰᠤᠨ ᠤ ᠬᠤᠩ ᠭᠠᠩ ᠨᠡᠶᠢᠭᠡᠮ ᠲᠣᠭᠤᠷᠢᠭ ᠤᠨ ᠪᠣᠭᠤᠮᠲᠠ ᠶᠢᠨ ᠠᠵᠢᠯ ᠤᠨ ᠵᠥᠪᠯᠡᠯ ᠪᠣᠯᠣᠨ ᠡᠮᠡᠭᠲᠡᠶᠢᠴᠦᠳ ᠤᠨ ᠬᠤᠯᠪᠣᠭ᠎ᠠ ᠥᠪᠥᠷ ᠮᠣᠩᠭᠤᠯ ᠤᠨ ᠰᠠᠨᠰᠠᠷ ᠤᠨ ᠠᠶᠠᠯᠠᠯ ᠤᠨ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠲᠠᠢ ᠬᠠᠮᠲᠤᠷᠠᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠶᠠᠪᠤᠭᠳᠠᠭᠤᠯᠵᠠᠢ᠃ ᠬᠡᠦᠬᠡᠳ ᠤᠳ ᠨᠠᠰᠤᠲᠠᠶᠢᠴᠤᠳ ᠲᠠᠢ ᠬᠠᠮᠲᠤ ᠰᠠᠭᠤᠵᠤ᠂ ᠬᠠᠷᠢᠶᠠᠴᠠᠢ ᠴᠢᠮᠬᠢᠬᠦ ᠤᠷ᠎ᠠ ᠮᠡᠷᠭᠡᠵᠢᠯ ᠪᠠ ᠣᠯᠣᠯᠲᠠ ᠲᠥᠷᠥᠭᠳᠡᠯ ᠢᠶᠠᠨ ᠬᠠᠷᠢᠯᠴᠠᠨ ᠬᠤᠪᠢᠶᠠᠯᠴᠠᠵᠤ᠂ ᠨᠠᠰᠤᠲᠠᠶᠢᠴᠤᠳ ᠤᠨ ᠪᠠᠶᠠᠯᠢᠭ ᠲᠤᠷᠰᠢᠯᠭ᠎ᠠ ᠪᠠᠷ ᠢᠶᠠᠨ ᠬᠡᠦᠬᠡᠳ ᠤᠳ ᠲᠤ ᠵᠢᠭᠠᠨ ᠵᠢᠯᠣᠭᠤᠳᠤᠯᠭ᠎ᠠ ᠬᠠᠩᠭᠠᠬᠤ ᠳᠤ ᠬᠡᠦᠬᠡᠳ ᠤᠳ ᠬᠠᠷᠢᠨ ᠰᠢᠨ᠎ᠡ ᠰᠡᠪᠡᠭᠦᠨ ᠦᠵᠡᠯ ᠰᠠᠨᠠᠭ᠎ᠠ ᠪᠠ ᠪᠦᠲᠦᠭᠡᠯᠴᠢ ᠰᠡᠳᠬᠢᠮᠵᠢ ᠶᠢ ᠠᠪᠴᠢᠷᠠᠭᠰᠠᠨ ᠪᠠᠶᠢᠨ᠎ᠠ᠃ ᠡᠶᠢᠮᠦᠷᠬᠦᠦ ᠦᠶ᠎ᠡ ᠠᠯᠤᠰᠯᠠᠭᠰᠠᠨ ᠰᠣᠯᠢᠯᠴᠠᠭ᠎ᠠ  ᠨᠢ ᠬᠠᠷᠢᠯᠴᠠᠨ ᠣᠶᠢᠯᠠᠭᠠᠯᠴᠠᠭ᠎ᠠ ᠪᠠ ᠨᠥᠬᠦᠷᠯᠡᠯ  ᠢ ᠵᠤᠵᠠᠭᠠᠳᠬᠠᠭᠰᠠᠨ ᠢᠶᠠᠷ ᠪᠠᠷᠠᠬᠤ ᠦᠭᠡᠢ᠂ ᠤᠯᠠᠮᠵᠢᠯᠠᠯᠲᠤ ᠭᠠᠷ ᠤᠷᠠᠯᠠᠯ ᠤᠨ ᠤᠷᠠᠯᠢᠭ  ᠢ ᠰᠣᠯᠢᠯᠴᠠᠭᠠᠨ ᠤ ᠳᠤᠮᠳᠠ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠭᠰᠠᠨ ᠪᠠᠶᠢᠨ᠎ᠠ᠃
     ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠠᠢ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃ ︽5·1︾ ᠤ ᠳᠤᠮᠳᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠴᠡᠪᠡᠷ ᠲᠡᠭᠰᠢ ᠰᠤᠷᠭᠠᠭᠤᠯᠢ ᠶᠢᠨ ᠬᠤᠪᠴᠠᠰᠤ ᠪᠠᠨ ᠡᠮᠦᠰᠴᠦ᠂  ᠤᠯᠠᠭᠠᠨ ᠪᠦᠴᠡ ᠵᠡᠭᠦᠵᠦ᠂ ᠴᠤᠭ ᠵᠢᠪᠬᠤᠭ᠎ᠠ ᠲᠠᠢ ᠪᠠᠷ ᠤᠯᠤᠰ ᠤᠨ ᠲᠤᠭ ᠤᠨ ᠳᠣᠣᠷ᠎ᠠ ᠵᠣᠭᠰᠣᠨ᠎ᠠ᠃
     ᠲᠡᠳᠡ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠬᠦ ᠪᠠ ᠡᠬᠡ ᠣᠷᠣᠨ ᠢᠶᠠᠨ ᠬᠢᠵᠠᠭᠠᠯᠠᠰᠢ ᠦᠭᠡᠢ ᠬᠠᠶᠢᠷᠠᠯᠠᠬᠤ ᠰᠡᠳᠬᠢᠯᠭᠡ ᠪᠠᠷ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠰᠢᠯᠦᠭ ᠳᠠᠭᠤᠯᠠᠯ ᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠶᠠᠩᠭᠠᠯᠠᠨ  ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠮᠠᠭᠲᠠᠨ ᠳᠠᠭᠤᠯᠠᠪᠠ᠃ ᠡᠭᠦᠨ ᠠᠴᠠ ᠭᠠᠳᠠᠨ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠪᠠᠰᠠ ᠭᠤᠶᠢᠳᠠ ᠰᠠᠶᠢᠬᠠᠨ ᠳᠠᠭᠤᠤ ᠬᠥᠭᠵᠢᠮ ᠤᠨ ᠲᠣᠭᠯᠠᠯᠲᠠ ᠶᠢ ᠠᠪᠴᠢᠷᠠᠭᠰᠠᠨ ᠪᠠᠶᠢᠨ᠎ᠠ᠃ ᠲᠡᠳᠡ ᠳᠠᠭᠤᠤ  ᠪᠠᠷ ᠡᠬᠡ ᠤᠯᠤᠰ ᠢᠶᠠᠨ ᠬᠠᠶᠢᠷᠠᠯᠠᠬᠤ ᠪᠠ ᠦᠷᠡᠭᠳᠡᠭᠰᠡᠨ ᠪᠠᠭᠠᠲᠤᠷᠴᠤᠳ ᠢᠶᠠᠨ ᠬᠦᠨᠳᠦᠳᠬᠡᠨ ᠪᠢᠰᠢᠷᠡᠬᠦ ᠰᠡᠳᠬᠢᠯᠭᠡ ᠪᠠᠨ ᠢᠯᠡᠳᠬᠡᠬᠦ  ᠶᠢᠨ ᠬᠠᠮᠲᠤ ᠣᠳᠣ ᠦᠶ᠎ᠡ  ᠶᠢᠨ ᠪᠠᠭ᠎ᠠ ᠰᠤᠷᠭᠠᠭᠤᠯᠢ  ᠶᠢᠨ ᠰᠤᠷᠤᠭᠴᠢᠳ ᠤᠨ ᠴᠤᠭ ᠵᠢᠪᠬᠤᠭ᠎ᠠ ᠪᠠ ᠣᠶᠤᠨ ᠰᠠᠨᠠᠭᠠᠨ ᠤ ᠳᠦᠷᠰᠦ ᠪᠠᠶᠢᠳᠠᠯ  ᠢ ᠴᠤ ᠳᠡᠯᠭᠡᠨ ᠦᠵᠡᠭᠦᠯᠦᠭᠰᠡᠨ ᠪᠠᠶᠢᠨ᠎ᠠ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号