ᠮᠠᠨ ᠤ ᠣᠷᠣᠨ ᠴᠠᠭᠠᠨ ᠢᠳᠡᠭᠡᠨ ᠤ ᠠᠵᠤ ᠠᠬᠤᠶᠢᠯᠠᠯ ᠳᠤ ᠲᠦᠭᠦᠬᠡᠢ ᠰᠦ ᠪᠤᠯᠪᠠᠰᠤᠷᠠᠭᠤᠯᠬᠤ ᠬᠡᠮᠵᠢᠶ᠎ᠡ  ᠪᠠᠨ ᠨᠡᠮᠡᠭᠳᠡᠭᠦᠯᠦᠭᠰᠡᠨ ᠨᠥᠬᠦᠪᠦᠷᠢ ᠣᠯᠭᠤᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2024/4/8
     ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠢᠩᠬᠢᠮ ᠣᠶᠢᠷ᠎ᠠ  ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ   ᠲᠦᠭᠦᠬᠡᠢ  ᠰᠦ ᠪᠤᠯᠪᠠᠰᠤᠷᠠᠭᠤᠯᠬᠤ ᠬᠡᠮᠵᠢᠶ᠎ᠡ  ᠪᠠᠨ ᠨᠡᠮᠡᠭᠳᠡᠭᠦᠯᠦᠭᠰᠡᠨ ᠨᠥᠬᠦᠪᠦᠷᠢ ᠶᠢᠨ ᠲᠤᠬᠠᠢ  ᠬᠡᠷᠡᠭᠵᠢᠭᠦᠯᠬᠦ ᠨᠠᠷᠢᠨ ᠳᠦᠷᠢᠮ︾ ᠢ ᠲᠤᠭᠤᠷᠪᠢᠨ ᠲᠣᠭᠲᠠᠭᠠᠵᠤ᠂ ᠴᠠᠭᠠᠨ ᠢᠳᠡᠭᠡᠨ ᠤ ᠠᠵᠤ ᠠᠬᠤᠶᠢᠯᠠᠯ ᠳᠤ  ᠲᠦᠭᠦᠬᠡᠢ  ᠰᠦ  ᠪᠤᠯᠪᠠᠰᠤᠷᠠᠭᠤᠯᠬᠤ ᠬᠡᠮᠵᠢᠶ᠎ᠡ ᠪᠠᠨ 1 ᠳᠤᠨ ᠨᠡᠮᠡᠭᠳᠡᠭᠦᠯᠬᠦ  ᠪᠦᠷᠢ 200  ᠲᠥᠭᠦᠷᠢᠭ ᠤᠨ ᠨᠥᠬᠦᠪᠦᠷᠢ  ᠣᠯᠭᠤᠬᠤ ᠪᠠᠷ  ᠲᠣᠭᠲᠠᠪᠠ᠃      ᠲᠤᠰ ᠨᠠᠷᠢᠨ ᠳᠦᠷᠢᠮ ᠪᠣᠯ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ  ᠲᠦᠷᠦ ᠶᠢᠨ ᠪᠣᠳᠣᠯᠭ᠎ᠠ   ᠠᠷᠭ᠎ᠠ   ᠬᠡᠮᠵᠢᠶ᠎ᠡ ᠨᠦᠭᠦᠳ ᠤᠨ ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠶᠢᠯᠠᠯ ᠤᠨ ᠰᠤᠯᠠ ᠲᠠᠯᠪᠢᠭᠳᠠᠵᠤ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠪᠠᠨ ᠪᠦᠲᠦᠮᠵᠢᠳᠠᠢ ᠠᠰᠢᠭᠯᠠᠬᠤ ᠶᠢ ᠳᠡᠮᠵᠢᠬᠦ ᠶᠢᠨ ᠲᠥᠯᠥᠭᠡ ᠲᠣᠭᠲᠠᠭᠠᠵᠠᠢ᠃ ᠡᠨᠡ ᠬᠦ ᠨᠥᠬᠦᠪᠦᠷᠢ ᠶᠢ ᠦᠢᠯᠡᠳᠪᠦᠷᠢᠯᠡᠯ ᠤᠨ ᠴᠢᠳᠠᠪᠤᠷᠢ ᠪᠠᠨ ᠪᠦᠲᠦᠮᠵᠢᠳᠠᠢ ᠠᠰᠢᠭᠯᠠᠨ ᠲᠦᠭᠦᠬᠡᠢ ᠰᠦ ᠪᠤᠯᠪᠠᠰᠤᠷᠠᠭᠤᠯᠬᠤ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠴᠠᠭᠠᠨ ᠢᠳᠡᠭᠡᠨ ᠤ ᠠᠵᠤ ᠠᠬᠤᠶᠢᠯᠠᠯ ᠳᠤ ᠣᠯᠭᠤᠨ᠎ᠠ᠃ ᠡᠭᠦᠨ ᠳᠤ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠪᠣᠯᠪᠠᠰᠤᠷᠠᠭᠤᠯᠤᠭᠰᠠᠨ ᠲᠦᠭᠦᠬᠡᠢ ᠰᠦ   ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ ᠨᠥᠬᠦᠪᠦᠷᠢ ᠣᠯᠭᠤᠵᠤ᠂ ᠲᠦᠭᠦᠬᠡᠢ ᠰᠦ ᠪᠣᠯᠪᠠᠰᠤᠷᠠᠭᠤᠯᠤᠭᠰᠠᠨ ᠬᠡᠮᠵᠢᠶ᠎ᠡ ᠨᠢ 100 ᠳᠤᠨ ᠠᠴᠠ ᠪᠠᠭ᠎ᠠ ᠪᠣᠯ ᠨᠥᠬᠦᠪᠦᠷᠢ ᠣᠯᠭᠤᠬᠤ ᠦᠭᠡᠢ᠃ ᠨᠥᠬᠦᠪᠦᠷᠢ ᠣᠯᠭᠤᠬᠤ ᠠᠵᠢᠯ ᠨᠢ ᠠᠵᠤ ᠠᠬᠤᠶᠢᠯᠠᠯ ᠠᠴᠠ ᠡᠷᠡᠮᠡᠯᠵᠡᠯ ᠳᠡᠪᠰᠢᠭᠦᠯᠬᠦ᠂ ᠠᠵᠤ ᠦᠢᠯᠡᠳᠪᠦᠷᠢ  ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠱᠠᠲᠤ ᠱᠠᠲᠤ ᠪᠠᠷ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠭᠢ ᠲᠠᠯ᠎ᠠ ᠳᠤ ᠨᠠᠶᠢᠳᠠᠨ ᠡᠴᠦᠰ ᠤᠨ ᠬᠢᠨᠠᠯᠲᠠ ᠬᠢᠭᠡᠳ ᠤᠯᠠᠨ ᠳᠤ ᠵᠠᠷᠯᠠᠨ ᠮᠡᠳᠡᠭᠳᠡᠬᠦ ᠵᠡᠷᠭᠡ ᠠᠯᠬᠤᠮ ᠳᠠᠷᠠᠭ᠎ᠠ ᠪᠠᠷ ᠶᠠᠪᠤᠭᠳᠠᠨ᠎ᠠ᠃ ᠨᠥᠬᠦᠪᠦᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠶᠢᠨ ᠵᠠᠰᠠᠭ ᠤᠨ ᠣᠷᠳᠣᠨ ᠲᠤᠰ ᠲᠤᠰ 50% ᠪᠠᠷ ᠡᠭᠦᠷᠭᠡᠯᠡᠬᠦ ᠪᠣᠯᠣᠨ᠎ᠠ᠃ 2022 ᠣᠨ ᠳᠤ ᠨᠡᠶᠢᠲᠡᠯᠡᠭᠰᠡᠨ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠡᠷᠡᠭᠵᠢᠭᠦᠯᠬᠦ ᠨᠠᠷᠢᠨ ᠳᠦᠷᠢᠮ︾  ᠳᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠪᠤᠯᠪᠠᠰᠤᠷᠠᠭᠤᠯᠬᠤ ᠬᠡᠮᠵᠢᠶ᠎ᠡ ᠪᠠᠨ ᠨᠡᠮᠡᠭᠳᠡᠭᠦᠯᠦᠭᠰᠡᠨ ᠨᠥᠬᠦᠪᠦᠷᠢ ᠶᠢᠨ ᠲᠤᠬᠠᠢ ᠬᠡᠷᠡᠭᠵᠢᠭᠦᠯᠬᠦ ᠨᠠᠷᠢᠨ ᠳᠦᠷᠢᠮ︾ ᠢ  ᠬᠦᠴᠦᠨ ᠦᠭᠡᠢ  ᠪᠣᠯᠭᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号