ᠴᠠᠭᠳᠠᠭ᠎ᠠ ᠡᠮᠴᠢ ᠬᠤᠯᠪᠤᠭᠠᠯᠠᠨ ᠬᠥᠳᠡᠯᠦᠯᠴᠡᠵᠦ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ ᠴᠣᠭᠴᠠᠯᠠᠪᠠ
ᠨᠡᠶᠢᠲᠡᠯᠡᠭᠰᠡᠨ ᠴᠠᠭ᠄
2024/4/9
     ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠵᠢᠨᠴᠢᠶᠣᠣ ᠲᠣᠮᠢᠯᠠᠭᠰᠠᠨ ᠰᠠᠯᠪᠤᠷᠢ ᠪᠣᠯᠣᠨ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠵᠢᠨᠴᠢᠶᠣᠣ ᠡᠮᠨᠡᠯᠭᠡ ᠶᠢᠨ ᠬᠤᠷᠢᠶ᠎ᠠ ᠬᠠᠮᠲᠤᠷᠠᠨ ᠴᠠᠭᠳᠠᠭ᠎ᠠ ᠡᠮᠴᠢ ᠶᠢᠨ ᠬᠠᠮᠲᠤᠷᠠᠭᠰᠠᠨ ᠶᠠᠷᠢᠯᠴᠠᠬᠤ ᠬᠤᠷᠠᠯ᠂ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃
     ᠶᠠᠷᠢᠯᠴᠠᠬᠤ ᠬᠤᠷᠠᠯ ᠳᠡᠭᠡᠷ᠎ᠡ᠂ ᠠᠷᠠᠳ ᠤᠨ ᠴᠠᠭᠳᠠᠭ᠎ᠠ ᠡᠮᠴᠢ ᠰᠤᠪᠢᠯᠠᠭᠴᠢ ᠳᠤ ᠣᠳᠣᠬᠠᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠪᠣᠯᠣᠨ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠶᠢ ᠨᠠᠷᠢᠨ ᠲᠠᠨᠢᠯᠴᠠᠭᠤᠯᠵᠤ᠂ ᠴᠠᠭᠳᠠᠭ᠎ᠠ ᠪᠣᠯᠣᠨ ᠡᠮᠴᠢ ᠶᠢᠨ ᠬᠤᠯᠪᠤᠭᠠᠯᠠᠨ ᠬᠥᠳᠡᠯᠦᠯᠴᠡᠬᠦ ᠶᠢ ᠬᠡᠷᠬᠢᠨ ᠴᠢᠩᠭᠠᠳᠬᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ ᠲᠤᠬᠠᠢ ᠭᠦᠨᠵᠡᠭᠡᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠡᠮᠨᠡᠯᠭᠡ ᠶᠢᠨ ᠬᠤᠷᠢᠶᠠᠨ ᠤ ᠡᠳᠦᠷ ᠲᠤᠲᠤᠮ ᠤᠨ ᠠᠮᠤᠷ ᠢ ᠬᠠᠮᠠᠭᠠᠯᠠᠬᠤ ᠠᠵᠢᠯ ᠤᠨ ᠳᠤᠮᠳᠠ ᠲᠤᠯᠭᠠᠷᠠᠵᠤ ᠮᠡᠳᠡᠬᠦ ᠠᠰᠠᠭᠤᠳᠠᠯ ᠤᠨ ᠲᠤᠬᠠᠢ ᠶᠢᠨ ᠲᠠᠯᠠᠪᠤᠷ ᠲᠤ ᠬᠠᠷᠢᠭᠤᠯᠲᠠ ᠪᠠ ᠵᠢᠯᠣᠭᠤᠳᠤᠯᠭ᠎ᠠ ᠬᠢᠭᠰᠡᠨ ᠪᠠᠶᠢᠨ᠎ᠠ᠃
     ᠳᠠᠷᠠᠭ᠎ᠠ ᠨᠢ᠂ ᠨᠢᠭᠡᠨ ᠤᠳᠠᠭᠠᠨ ᠤ ᠡᠮᠬᠢ ᠳᠢᠭᠯᠢᠮ ᠲᠠᠢ ᠰᠦᠷᠳᠡᠭᠦᠯᠦᠯ  ᠢ ᠡᠰᠡᠷᠭᠦᠴᠡᠬᠦ ᠰᠣᠷᠢᠯᠲᠠ  ᠶᠢ ᠡᠮᠨᠡᠯᠭᠡ  ᠶᠢᠨ ᠬᠤᠷᠢᠶᠠᠨ ᠳᠤ ᠥᠷᠨᠢᠭᠦᠯᠪᠡ᠃ ᠰᠣᠷᠢᠯᠲᠠ ᠨᠢ ᠡᠮᠨᠡᠯᠭᠡ  ᠶᠢᠨ ᠬᠤᠷᠢᠶᠠᠨ ᠤ ᠪᠡᠶ᠎ᠡ ᠬᠡᠮ ᠨᠢ ᠲᠣᠳᠣᠷᠬᠠᠢ ᠦᠭᠡᠢ ᠬᠥᠮᠥᠰ ᠤᠨ ᠣᠷᠣᠵᠤ ᠢᠷᠡᠭᠰᠡᠨ ᠪᠠ ᠵᠡᠪᠰᠡᠭ ᠠᠳᠬᠤᠨ ᠰᠦᠷᠳᠡᠭᠦᠯᠦᠯ ᠳᠤ ᠤᠴᠠᠷᠠᠭᠰᠠᠨ ᠪᠠᠶᠢᠳᠠᠯ  ᠢ ᠳᠠᠭᠤᠷᠢᠶᠠᠨ ᠬᠢᠵᠦ᠂ ᠡᠮᠨᠡᠯᠭᠡ  ᠶᠢᠨ ᠬᠤᠷᠢᠶᠠᠨ ᠤ ᠠᠮᠤᠷ  ᠢ ᠬᠠᠮᠠᠭᠠᠯᠠᠬᠤ ᠠᠵᠢᠯᠲᠠᠳ ᠦᠳᠲᠡᠷ ᠲᠦᠷᠭᠡᠨ ᠲᠤᠰᠬᠠᠯ ᠭᠠᠷᠭᠠᠵᠤ᠂ ᠪᠠᠴᠢᠮ ᠪᠠᠶᠢᠳᠠᠯ  ᠢ ᠠᠷᠭᠠᠴᠠᠬᠤ ᠲᠥᠰᠥᠯ  ᠢ ᠡᠬᠢᠯᠡᠨ ᠬᠡᠷᠡᠭᠵᠢᠭᠦᠯᠵᠦ᠂ ᠠᠷᠠᠳ ᠤᠨ ᠴᠠᠭᠳᠠᠭ᠎ᠠ ᠨᠠᠷ ᠲᠠᠢ ᠨᠢᠭᠲᠠ ᠬᠠᠮᠵᠢᠯᠴᠠᠨ᠂ ︽ᠮᠠᠭᠤ ᠡᠲᠡᠭᠡᠳ︾ ᠢ ᠠᠮᠵᠢᠯᠲᠠ ᠲᠠᠢ ᠪᠠᠷ ᠡᠷᠬᠡᠰᠢᠶᠡᠯ ᠳᠡᠭᠡᠨ ᠣᠷᠣᠭᠤᠯᠵᠤ᠂ ᠪᠦᠬᠦ᠋ᠢᠯᠡ ᠰᠣᠷᠢᠯᠲᠠ  ᠶᠢᠨ ᠶᠠᠪᠤᠴᠠ ᠨᠢ ᠵᠢᠱᠢᠭᠰᠡᠨ ᠦᠷ᠎ᠡ ᠳ᠋ᠦᠩ ᠳᠤ ᠬᠦᠷᠦᠭᠰᠡᠨ ᠪᠠᠶᠢᠨ᠎ᠠ᠃
     ᠲᠣᠰ ᠤᠳᠠᠭᠠᠨ ᠤ ᠴᠠᠭᠳᠠᠭ᠎ᠠ ᠡᠮᠴᠢ ᠶᠢᠨ ᠬᠤᠯᠪᠤᠭᠠᠯᠠᠨ ᠬᠥᠳᠡᠯᠦᠯᠴᠡᠬᠦ ᠠᠵᠢᠯᠯᠠᠭ᠎ᠠ ᠶᠢ ᠠᠮᠵᠢᠯᠲᠠᠲᠠᠢ ᠥᠷᠨᠢᠭᠦᠯᠦᠭᠰᠡᠨ ᠨᠢ ᠡᠮᠴᠢ ᠰᠤᠪᠢᠯᠠᠭᠴᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ  ᠡᠮᠨᠡᠯᠭᠡ ᠶᠢᠨ ᠬᠤᠷᠢᠶ᠎ᠠ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ ᠶᠢᠨ ᠠᠮᠤᠷ ᠲᠦᠪᠰᠢᠨ ᠢᠶᠠᠷ ᠠᠵᠢᠯᠯᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号