ᠬᠠᠪᠤᠷ ᠤᠨ ᠤᠯᠠᠷᠢᠯ ᠳᠤ ᠲᠤᠭᠤᠷ ᠤᠨ ᠴᠡᠴᠡᠭ ᠤᠨ ᠦᠪᠡᠳᠡᠭᠰᠢ ᠳᠠᠶᠢᠯᠠᠯᠭ᠎ᠠ ᠳᠤ ᠣᠷᠣᠯᠴᠠᠨ᠎ᠠ
ᠨᠡᠶᠢᠲᠡᠯᠡᠭᠰᠡᠨ ᠴᠠᠭ᠄
2024/4/9
    ᠬᠠᠪᠤᠷ ᠤᠨ ᠤᠷᠢᠬᠠᠨ ᠰᠠᠯᠬᠢ ᠡᠶᠡᠪᠡᠷᠭᠦᠦ ᠵᠥᠭᠡᠯᠡᠨ ᠪᠠᠶᠢᠵᠤ᠂ ᠲᠤᠭᠤᠷ ᠤᠨ ᠴᠡᠴᠡᠭ ᠪᠠᠳᠠᠷᠠᠨ ᠳᠡᠯᠭᠡᠷᠡᠨ᠎ᠡ᠃ 4 ᠰᠠᠷ᠎ᠠ ᠶᠢᠨ 3 ᠤ ᠡᠳᠦᠷ᠂ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠠᠮ ᠤᠨ ᠪᠠᠭ᠎ᠠ ᠰᠤᠷᠭᠠᠭᠤᠯᠢ ᠠᠩᠬᠠᠳᠤᠭᠠᠷ ᠬᠤᠭᠤᠴᠠᠭᠠᠨ ᠤ ︽ᠲᠤᠭᠤᠷ ᠤᠨ ᠴᠡᠴᠡᠭ ᠤᠨ ᠨᠠᠶᠢᠷ ᠵᠢᠴᠢ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠨᠡᠶᠢᠯᠡᠯ︾ ᠭᠡᠬᠦ ᠰᠢᠷᠢᠰ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠡᠷᠭᠢᠯᠡᠪᠡ᠃ ᠰᠤᠷᠤᠭᠴᠢᠳ ᠪᠠᠶᠢᠭᠠᠯᠢ ᠲᠠᠢ ᠣᠶᠢᠷᠠᠲᠤᠵᠤ᠂ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠬᠤ ᠶᠢᠨ ᠬᠠᠮᠲᠤ᠂ ᠲᠤᠭᠤᠷ ᠤᠨ ᠴᠡᠴᠡᠭ ᠤᠨ ᠣᠨᠴᠠᠯᠢᠭ ᠢ ᠭᠦᠨᠵᠡᠭᠡᠢ ᠰᠦᠪᠡᠭᠴᠢᠯᠡᠵᠦ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠠᠭᠤᠰᠤᠯᠴᠠᠯ ᠤᠨ ᠬᠢᠴᠢᠶᠡᠯ ᠳᠤ ᠣᠷᠣᠯᠴᠠᠵᠤ᠂ ᠶᠡᠷᠦᠩᠬᠡᠶᠢᠯᠡᠭᠰᠡᠨ ᠴᠢᠳᠠᠪᠤᠷᠢ ᠪᠣᠯᠣᠨ ᠭᠤᠣᠯᠯᠠᠭᠴᠢ ᠬᠡᠪ ᠪᠣᠯᠪᠠᠰᠤᠷᠠᠯ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠡᠢ᠃
     ᠠᠵᠢᠯᠯᠠᠭ᠎ᠠ  ᠶᠢᠨ ᠳᠤᠮᠳᠠ᠂ ᠲᠤᠭᠤᠷ ᠤᠨ ᠴᠡᠴᠡᠭ ᠤᠨ ᠰᠢᠯᠦᠭ  ᠢ ᠤᠶᠠᠩᠭᠠᠯᠠᠵᠤ᠂ ᠰᠤᠷᠤᠭᠴᠢᠳ ᠰᠢᠯᠦᠭ  ᠢᠶᠠᠷ ᠵᠠᠭᠤᠴᠢ ᠪᠣᠯᠭᠠᠨ᠂ ᠲᠤᠭᠤᠷ ᠤᠨ ᠴᠡᠴᠡᠭ  ᠢ ᠪᠠᠭ᠋ᠠᠷᠬᠠᠬᠤ ᠰᠡᠳᠬᠢᠯᠭᠡ ᠪᠠᠨ ᠢᠯᠡᠳᠭᠡᠵᠦ᠂ ᠰᠤᠷᠤᠭᠴᠢᠳ ᠬᠠᠮᠲᠤ ᠪᠠᠷ ᠲᠤᠭᠤᠷ ᠤᠨ ᠴᠡᠴᠡᠭ ᠢᠶᠠᠷ ᠰᠡᠳᠦᠪᠯᠡᠭᠰᠡᠨ ᠳᠠᠭᠤᠤ ᠨᠤᠭᠤᠳ ᠢ ᠳᠠᠭᠤᠯᠠᠵᠠᠢ︔ ᠤᠷᠠᠨ ᠪᠢᠴᠢᠯᠭᠡ ᠪᠠᠷ ᠲᠤᠭᠤᠷ ᠤᠨ ᠴᠡᠴᠡᠭ  ᠢ ᠵᠢᠷᠤᠵᠤ᠂ ᠰᠤᠷᠤᠭᠴᠢᠳ ᠪᠢᠷ ᠢᠶᠠᠷ ᠢᠶᠠᠨ ᠲᠤᠭᠤᠷ ᠤᠨ ᠴᠡᠴᠡᠭ ᠤᠨ ᠭᠤᠸ᠎ᠠ ᠦᠵᠡᠰᠬᠦᠯᠡᠩ ᠪᠠ ᠠᠮᠢᠵᠢᠷᠠᠯ ᠤᠨ ᠬᠦᠴᠦᠨ ᠢ ᠤᠷᠠᠯᠠᠨ ᠵᠢᠷᠣᠵᠦ᠂ ᠬᠠᠮᠤᠭ ᠤᠨ ᠰᠠᠶᠢᠨ ᠰᠠᠶᠢᠬᠠᠨ ᠳᠤᠷᠠᠳᠬᠠᠯ ᠦᠯᠡᠳᠡᠭᠡᠪᠡ᠃
     ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠤ ᠬᠢᠴᠢᠶᠡᠯ ᠤᠨ ᠲᠠᠩᠬᠢᠮ ᠳᠤ ᠰᠤᠷᠤᠭᠴᠢᠳ ᠲᠤᠬᠠᠢ ᠶᠢᠨ ᠭᠠᠵᠠᠷ ᠤᠨ ᠠᠵᠢᠭᠯᠠᠯᠲᠠ ᠪᠠ ᠰᠦᠪᠡᠭᠴᠢᠯᠡᠯᠲᠡ ᠪᠠᠷ ᠳᠡᠮᠵᠢᠨ᠂ ᠲᠤᠭᠤᠷ ᠤᠨ ᠴᠡᠴᠡᠭ ᠤᠨ ᠪᠦᠲᠦᠴᠡ ᠶᠢ ᠠᠵᠢᠭᠯᠠᠵᠤ᠂ ᠠᠵᠢᠯᠯᠠᠭ᠎ᠠ ᠶᠢᠨ ᠲᠡᠮᠳᠡᠭᠯᠡᠯ ᠤᠨ ᠬᠠᠭᠤᠳᠠᠰᠤᠨ ᠳᠤ ᠨᠠᠷᠢᠨ ᠨᠢᠮᠪᠠᠢ ᠲᠡᠮᠳᠡᠭᠯᠡᠳᠡᠭ᠃ ᠡᠶᠢᠮᠦᠷᠬᠦᠦ ᠥᠩᠭᠡᠷᠡᠯᠲᠡ ᠨᠢ ᠰᠤᠷᠤᠭᠴᠢᠳ ᠤᠨ ᠠᠵᠢᠭᠯᠠᠬᠤ ᠴᠢᠳᠠᠪᠤᠷᠢ ᠪᠠ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠬᠥᠮᠥᠵᠢᠭᠦᠯᠦᠭᠰᠡᠨ ᠢᠶᠠᠷ ᠪᠠᠷᠠᠬᠤ ᠦᠭᠡᠢ᠂ ᠰᠤᠷᠤᠭᠴᠢᠳ ᠤᠨ ᠪᠠᠶᠢᠭᠠᠯᠢ ᠶᠢ ᠬᠠᠶᠢᠷᠠᠯᠠᠬᠤ ᠪᠠ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠨᠡᠮᠡᠭᠳᠡᠭᠦᠯᠵᠦ᠂ ᠬᠥᠮᠥᠨ ᠬᠢᠭᠡᠳ ᠪᠠᠶᠢᠭᠠᠯᠢ ᠶᠢᠨ ᠬᠤᠭᠤᠷᠣᠨᠳᠣᠬᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠬᠠᠷᠢᠴᠠᠭ᠎ᠠ ᠶᠢ ᠨᠠᠨᠳᠢᠩᠨᠠᠨ ᠦᠵᠡᠳᠡᠭ᠃
    ︽ᠥᠩᠭᠡᠷᠡᠭᠰᠡᠨ ᠳᠤ ᠪᠢᠳᠡ ᠬᠤᠯᠠ  ᠠᠴᠠ ᠲᠤᠭᠤᠷ ᠤᠨ ᠴᠡᠴᠡᠭ ᠤᠨ ᠭᠤᠸ᠎ᠠ ᠰᠠᠶᠢᠬᠠᠨ  ᠢ ᠰᠣᠨᠢᠷᠬᠠᠵᠤ ᠪᠠᠶᠢᠭᠰᠠᠨ᠂ ᠭᠡᠪᠡᠴᠦ ᠥᠨᠥᠳᠥᠷ ᠤᠨ ᠰᠢᠨᠵᠢᠯᠡᠬᠦ ᠤᠬᠠᠭᠠᠨ ᠤ ᠬᠢᠴᠢᠶᠡᠯ ᠬᠠᠷᠢᠨ ᠣᠨᠴᠠᠭᠠᠶ᠂ ᠪᠠᠭᠰᠢ ᠪᠢᠳᠡᠨ  ᠢ ᠳᠠᠭᠠᠭᠤᠯᠤᠨ ᠬᠢᠴᠢᠶᠡᠯ ᠤᠨ ᠭᠡᠷ ᠠᠴᠠ ᠭᠠᠷᠴᠤ ᠲᠤᠭᠤᠷ ᠤᠨ ᠴᠡᠴᠡᠭ  ᠢ ᠰᠣᠨᠢᠷᠬᠠᠨ᠂ ᠨᠠᠷᠢᠨ ᠵᠦᠢᠯᠡᠰ ᠪᠦᠬᠦᠨ  ᠢ  ᠨᠢ ᠣᠶᠢᠯᠠᠭᠠᠵᠤ᠂ ᠲᠤᠭᠤᠷ ᠤᠨ ᠴᠡᠴᠡᠭ  ᠢ ᠰᠣᠨᠢᠷᠬᠠᠬᠤ ᠶᠠᠪᠤᠴᠠ ᠳᠠᠭᠠᠨ ᠬᠢᠴᠢᠶᠡᠯ ᠤᠨ ᠪᠢᠴᠢᠭ ᠠᠴᠠ ᠭᠠᠳᠠᠨᠠᠬᠢ ᠮᠡᠳᠡᠯᠭᠡ  ᠶᠢ ᠮᠠᠰᠢ ᠣᠯᠠᠨ ᠣᠯᠵᠤ ᠰᠤᠷᠴᠠᠢ︾ ᠭᠡᠵᠦ ᠶᠡᠭᠡ ᠰᠤᠷᠭᠠᠭᠤᠯᠢ ᠶᠢᠨ ᠵᠠᠮ ᠤᠨ ᠪᠠᠭ᠎ᠠ ᠰᠤᠷᠭᠠᠭᠤᠯᠢ ᠶᠢᠨ ᠰᠤᠷᠤᠭᠴᠢ ᠯᠢᠦ ᠢ ᠹᠠᠨ ᠰᠤᠷᠪᠤᠯᠵᠢᠯᠠᠭᠴᠢ ᠳᠤ ᠬᠡᠯᠡᠪᠡ᠃
    ︽ᠪᠢᠳᠡ ᠰᠤᠷᠭᠠᠭᠤᠯᠢ  ᠶᠢᠨ ᠬᠦᠷᠢᠶᠡᠨ ᠤ ᠪᠠᠶᠢᠭᠠᠯᠢ  ᠶᠢᠨ ᠦᠵᠡᠮᠵᠢ  ᠶᠢ ᠵᠢᠭᠠᠨ ᠰᠤᠷᠭᠠᠯᠲᠠ  ᠶᠢᠨ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠬᠡᠦᠬᠡᠳ ᠤᠳ ᠢ ᠡᠨᠡᠬᠦ ᠰᠢᠨᠵᠢᠯᠡᠭᠡᠨ ᠤ ᠰᠠᠯᠠᠭ᠎ᠠ  ᠶᠢ ᠤᠶᠠᠯᠳᠤᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠢᠴᠢᠶᠡᠯ ᠳᠤ ᠠᠭᠤᠰᠬᠠᠨ ᠣᠷᠣᠭᠤᠯᠵᠤ ᠪᠣᠯᠣᠨ᠎ᠠ᠂ ᠡᠳᠡᠭᠡᠷ ᠬᠢᠴᠢᠶᠡᠯ  ᠢᠶᠠᠷ ᠳᠠᠮᠵᠢᠭᠤᠯᠤᠨ ᠬᠡᠦᠬᠡᠳ ᠤᠨ ᠶᠡᠷᠦᠩᠬᠡᠶᠢᠯᠡᠭᠰᠡᠨ ᠴᠢᠳᠠᠪᠤᠷᠢ ᠪᠣᠯᠣᠨ ᠭᠤᠣᠯᠯᠠᠬᠤ ᠬᠡᠪ ᠪᠣᠯᠪᠠᠰᠤᠷᠠᠯ  ᠢ ᠳᠡᠭᠡᠭᠰᠢᠯᠡᠭᠦᠯᠵᠦ ᠴᠢᠳᠠᠬᠤ ᠪᠥᠭᠡᠳ ᠭᠤᠸ᠎ᠠ ᠰᠠᠶᠢᠬᠠᠨ ᠤ ᠬᠥᠮᠦᠵᠢᠯ   ᠨᠢ ᠴᠦ ᠬᠡᠦᠬᠡᠳ ᠤᠨ ᠰᠡᠳᠬᠢᠯ   ᠳᠤ ᠰᠢᠩᠭᠡᠭᠡᠵᠦ ᠴᠢᠳᠠᠨ᠎ᠠ︾ ᠭᠡᠵᠦ ᠶᠡᠭᠡ ᠠᠩᠭᠢ ᠶᠢᠨ ᠬᠠᠪᠰᠤᠷᠤᠨ ᠵᠢᠯᠣᠭᠤᠳᠤᠭᠴᠢ ᠭᠤᠤ ᠸᠧᠢ ᠢᠯᠡᠳᠬᠡᠪᠡ᠃
    ᠲᠣᠰ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠨᠢ ᠬᠡᠯᠡ ᠪᠢᠴᠢᠭ᠂ ᠰᠢᠨᠵᠢᠯᠡᠬᠦ ᠤᠬᠠᠭᠠᠨ᠂ ᠤᠷᠠᠯᠢᠭ ᠵᠡᠷᠭᠡ ᠣᠯᠠᠨ ᠰᠢᠨᠵᠢᠯᠡᠭᠡᠨ ᠤ ᠰᠠᠯᠠᠭ᠎ᠠ ᠶᠢᠨ ᠮᠡᠳᠡᠯᠭᠡ ᠶᠢ ᠨᠢᠭᠡ ᠴᠣᠭᠴᠠ ᠪᠣᠯᠭᠠᠨ ᠨᠢᠭᠡᠳᠬᠡᠵᠦ᠂ ᠰᠤᠷᠤᠭᠴᠢᠳ ᠤᠨ ᠠᠳᠠᠯᠢ ᠪᠤᠰᠤ ᠬᠦᠷᠢᠶᠡᠨ ᠳᠠᠬᠢ ᠬᠠᠶᠢᠨ ᠰᠦᠪᠡᠭᠴᠢᠯᠡᠯᠲᠡ ᠶᠢᠨ ᠳᠤᠮᠳᠠ ᠬᠠᠷᠠᠭ᠎ᠠ ᠶᠢ ᠥᠷᠭᠡᠳᠬᠡᠨ᠂ ᠰᠢᠨ᠎ᠡ ᠶᠢ ᠡᠭᠦᠳᠬᠦ ᠰᠡᠳᠬᠢᠬᠦᠢ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠵᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠪᠣᠯᠣᠨ᠎ᠠ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号