ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢᠨ ᠵᠥᠪᠯᠡᠯ ᠤᠨ 2024 ᠣᠨ ᠤ ᠨᠢᠭᠡᠳᠦᠭᠡᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/9
     ︵ᠰᠤᠷᠪᠤᠯᠵᠢᠯᠠᠭᠴᠢ ᠴᠢ ᠰᠢᠶᠣᠣ ᠶᠠᠨ︶ ᠣᠶᠢᠷ᠎ᠠ ᠳᠤ᠂ ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢᠨ ᠵᠥᠪᠯᠡᠯ ᠤᠨ 2024 ᠣᠨ ᠤ ᠨᠢᠭᠡᠳᠦᠭᠡᠷ  ᠤᠳᠠᠭ᠎ᠠ ᠶᠢᠨ ᠪᠦᠬᠦᠳᠡ ︵ᠥᠷᠭᠡᠳᠬᠡᠭᠰᠡᠨ ︶ ᠬᠤᠷᠠᠯ ᠬᠤᠷᠠᠯᠳᠤᠪᠠ᠃             ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠢᠳᠡᠭᠡᠨ ᠪᠠ ᠡᠮ ᠤᠨ ᠵᠦᠢᠯ ᠤᠨ  ᠠᠶᠤᠯᠭᠦᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠢᠳᠡᠭᠡᠨ ᠤᠮᠳᠠᠭᠠᠨ ᠪᠠ ᠬᠡᠷᠡᠭᠯᠡᠬᠦ ᠡᠮ ᠤᠨ ᠠᠶᠤᠯᠭᠦᠢ ᠶᠢ ᠦᠨᠡᠨᠬᠦ ᠪᠠᠲᠤᠯᠠᠬᠤ ᠬᠡᠷᠡᠭᠲᠡᠢ᠃ ᠨᠠᠮ ᠵᠠᠰᠠᠭ  ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠢᠳᠡᠭᠡᠨ ᠤ ᠠᠶᠤᠯᠭᠦᠢ ᠶᠢᠨ ︽ᠬᠤᠶᠠᠷ ᠬᠠᠷᠢᠭᠤᠴᠠᠯᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ  ᠬᠡᠷᠡᠭᠲᠡᠢ︔ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢ ᠪᠠᠬᠢᠵᠢᠭᠦᠯᠦᠨ ᠳᠡᠭᠡᠭᠰᠢᠯᠡᠭᠦᠯᠬᠦ  ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠳᠡᠭᠡᠨ ᠪᠠ ᠡᠮ ᠤᠨ ᠵᠦᠢᠯᠡᠰ ᠤᠨ ᠠᠶᠤᠯᠭᠦᠢ ᠶᠢᠨ ᠲᠤᠰᠬᠠᠢ  ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠬᠦ ᠬᠡᠷᠡᠭᠲᠡᠢ︔ ᠰᠢᠨ᠎ᠡ ᠶᠢ ᠡᠭᠦᠳᠬᠦ ᠪᠠᠷ ᠳᠠᠭᠠᠭᠤᠯᠬᠤ ᠶᠢ ᠪᠠᠷᠢᠮᠲᠠᠯᠠᠵᠤ᠂ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ  ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠨᠡᠶᠢᠭᠡᠮ ᠤᠨ ᠬᠢᠨ ᠤ ᠣᠷᠣᠯᠴᠠᠬᠤ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯᠡᠰ ᠤᠨ ᠠᠶᠤᠯᠭᠦᠢ ᠶᠢ ᠬᠠᠮᠲᠤᠪᠠᠷ  ᠵᠠᠰᠠᠵᠤ ᠬᠠᠮᠲᠤᠪᠠᠷ ᠡᠳ᠋ᠯᠡᠬᠦ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ︔ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠳᠡᠭᠡᠨ ᠪᠠ  ᠡᠮ ᠤᠨ ᠵᠦᠢᠯ ᠤᠨ ᠠᠶᠤᠯᠭᠦᠢ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号