ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2024/4/9
       3 ᠰᠠᠷ᠎ᠠ ᠶᠢᠨ 11 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠨᠢᠭᠡ᠂ ᠬᠤᠷᠠᠯ ᠠᠴᠠ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾︵ᠳᠣᠷᠣᠭᠰᠢ︽ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂︽ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂︽ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠭᠡᠵᠦ ᠳᠥᠭᠦᠮᠴᠢᠯᠡᠨ᠎ᠡ︶ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃            ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ︽ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂︽ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂︽ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠭᠦᠨᠵᠡᠭᠡᠢ ᠰᠤᠷᠤᠯᠴᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠨᠢᠭᠡ ᠳᠤ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ︽ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠶᠣᠰᠣ ᠳᠦᠷᠢᠮ ᠤᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠪᠠᠳᠠᠷᠠᠭᠤᠯᠵᠤ᠂ ᠰᠢᠨ᠎ᠡ ᠨᠢᠭᠡ ᠵᠢᠯ ᠳᠤ ᠪᠦᠬᠦ ᠰᠡᠳᠬᠢᠯ ᠪᠦᠬᠦ ᠵᠣᠷᠢᠭ ᠢᠶᠠᠷ ᠬᠥᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠬᠤ ᠴᠣ᠋ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠯᠠᠪᠳᠠᠭᠤᠨ ᠪᠠᠲᠤᠲᠠᠢ ᠺᠠᠳ᠋ᠷ ᠤᠨ ᠰᠤᠷᠲᠠᠯ ᠢᠶᠠᠷ ᠪᠦᠬᠦ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ᠃ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠨᠠᠮ ᠤᠨ ᠤᠳᠤᠷᠢᠳᠬᠤ ᠺᠠᠳ᠋ᠷᠴᠤᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ; ᠪᠦᠬᠦ ᠨᠠᠮ ᠤᠨ ᠭᠡᠰᠢᠭᠦᠳ ᠢ ᠳᠠᠶᠢᠴᠢᠯᠠᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠨᠢ ᠬᠠᠮᠲᠤ ᠪᠠᠷ ᠭᠦᠢᠴᠡᠳᠬᠡᠭᠦᠯᠵᠦ᠂ ᠨᠠᠮ ᠤᠨ ᠭᠡᠰᠢᠭᠦᠨ ᠤᠯᠠᠨ ᠲᠦᠮᠡᠨ ᠳᠤ ᠲᠦᠰᠢᠭᠯᠡᠨ ᠨᠠᠮ ᠤᠨ ᠤᠳᠤᠷᠢᠳᠬᠤ ᠺᠠᠳ᠋ᠷᠴᠤᠳ ᠤᠨ ᠬᠢᠨᠠᠯᠲᠠ ᠶᠢ ᠰᠠᠶᠢᠲᠤᠷ ᠬᠢᠬᠦ ᠬᠡᠷᠡᠭᠲᠡᠢ; ᠬᠤᠯᠪᠣᠭᠳᠠᠯ ᠪᠦᠬᠦᠢ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠦᠷᠭᠦᠯᠵᠢᠯᠡᠬᠦ ᠴᠢᠨᠠᠷ ᠢ ᠳᠦᠷᠢᠮ ᠢᠶᠠᠷ ᠪᠠᠲᠤᠯᠠᠨ᠎ᠠ᠃ ᠭᠤᠷᠪᠠ ᠳᠤ᠂ ᠲᠤᠰ ᠤᠳᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠬᠤ ᠠᠵᠢᠯ ᠲᠠᠢ ᠤᠶᠠᠯᠳᠤᠭᠤᠯᠵᠤ᠂ ︽ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠬᠠᠮᠵᠢᠯᠴᠠᠨ ᠪᠠᠲᠤᠯᠠᠬᠤ ᠶᠢ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠬᠥᠭᠵᠢᠯᠲᠡ ᠶᠢ ᠠᠬᠢᠭᠤᠯᠬᠤ ᠶᠢ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠬᠦ ᠬᠡᠷᠡᠭᠲᠡᠢ᠃      ᠬᠤᠶᠠᠷ᠂ ᠬᠤᠷᠠᠯ ᠠᠴᠠ ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠲᠣᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠯᠪᠢᠭᠰᠠᠨ ᠪᠠ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠰᠤᠭᠤᠴᠢᠨ ᠪᠠᠶᠢᠴᠠᠭᠠᠭᠰᠠᠨ ᠪᠠᠶᠢᠳᠠᠯ ᠢ ᠮᠡᠳᠡᠭᠳᠡᠪᠡ︔ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ  ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃            ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ᠂ ᠪᠦᠬᠦ ᠤᠯᠤᠰ ᠤᠨ ᠣᠯᠠᠨ ᠭᠠᠵᠠᠷ ᠲᠤ ᠠᠶᠤᠯᠭᠦᠢ ᠦᠢᠯᠡᠳᠪᠦᠷᠢᠯᠡᠯ ᠤᠨ ᠠᠳᠡᠯ ᠪᠠᠶᠢᠨ ᠳᠠᠬᠢᠨ ᠭᠠᠷᠴᠤ᠂ ᠣᠯᠠᠨ ᠭᠠᠵᠠᠷ ᠤᠨ ᠥᠨᠳᠥᠷ ᠪᠠᠷᠢᠯᠭ᠎ᠠ ᠳᠤ ᠭᠠᠯ ᠤᠨ ᠠᠶᠤᠯ ᠭᠠᠷᠴᠤ᠂ ᠨᠡᠭᠦᠷᠡᠰᠦᠨ ᠠᠭᠤᠷᠬᠠᠢ ᠳᠤ ᠵᠠᠯᠭᠠᠭ᠎ᠠ ᠪᠠᠷ ᠨᠡᠯᠢᠶᠡᠳ ᠶᠡᠭᠡ ᠠᠳᠡᠯ ᠭᠠᠷᠴᠤ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠵᠢᠴᠢ ᠪᠠᠷᠢᠯᠭ᠎ᠠ ᠶᠢᠨ ᠠᠵᠢᠯ ᠤᠨ ᠠᠳᠡᠯ ᠣᠯᠠᠨ ᠭᠠᠷᠴᠤ᠂ ᠳᠤᠯᠠᠭᠠᠯᠭ᠎ᠠ ᠶᠢᠨ ᠭᠦᠸᠧᠯᠦ ᠶᠢᠨ ᠰᠢᠲᠠᠯᠲᠠ ᠳᠤ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠭᠰᠠᠨ ᠬᠡᠷᠡᠭ ᠭᠦᠢᠴᠡᠳ ᠪᠤᠰᠤ ᠭᠠᠷᠴᠤ᠂ ᠬᠢᠮᠢ ᠶᠢᠨ ᠠᠵᠤ ᠦᠢᠯᠡᠳᠪᠦᠷᠢ ᠪᠠ ᠠᠶᠤᠯᠲᠠᠢ ᠬᠢᠮᠢ ᠶᠢᠨ ᠪᠣᠳᠠᠰ ᠤᠨ ᠭᠠᠯ ᠤᠨ ᠭᠠᠮᠰᠢᠭ ᠤᠨ ᠳᠡᠯᠪᠡᠷᠡᠯᠲᠡ ᠶᠢᠨ ᠲᠦᠭᠰᠢᠭᠦᠷᠢ ᠲᠣᠪᠣᠶᠢᠮ᠎ᠠ ᠪᠠᠶᠢᠬᠤ ᠵᠡᠷᠭᠡ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ  ᠶᠢ ᠡᠷᠡᠰ ᠲᠠᠰᠤ ᠵᠣᠭᠰᠣᠭᠠᠵᠤ᠂ ᠭᠦᠨᠵᠡᠭᠡᠢ ᠰᠤᠷᠭᠠᠮᠵᠢ ᠠᠪᠴᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠳᠠᠯᠳᠠ ᠬᠡᠮ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠮᠤᠷ ᠲᠦᠪᠰᠢᠨ ᠤ ᠵᠠᠰᠠᠯᠲᠠ ᠶᠢᠨ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠬᠦ ᠶᠢ ᠠᠬᠢᠭᠤᠯᠤᠨ᠂ ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠪᠥᠬᠦ ᠲᠣᠭᠤᠷᠢᠭ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃            ᠬᠤᠷᠠᠯ ᠠᠴᠠ᠂ ᠪᠦᠬᠦ ᠲᠣᠭᠤᠷᠢᠭ ᠤᠨ ᠪᠦᠬᠦᠯᠢ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠬᠤ ᠶᠢ ᠴᠢᠩᠭ᠎ᠠ ᠠᠩᠬᠠᠷᠬᠤ ᠬᠡᠷᠡᠭᠲᠡᠢ︔ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠵᠤ᠂ ᠪᠦᠬᠦᠯᠢ ᠴᠣᠭᠴᠠ ᠪᠠᠷ ᠲᠣᠬᠢᠷᠠᠭᠤᠯᠬᠤ᠂ ᠵᠢᠯᠤᠭᠤᠳᠬᠤ᠂ ᠰᠢᠮᠳᠠᠭᠤᠯᠤᠨ ᠭᠦᠢᠴᠡᠳᠬᠡᠬᠦ᠂ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠠᠢ ᠬᠠᠷᠢᠭᠤᠴᠠᠨ᠎ᠠ᠂ ᠨᠢᠭᠡ ᠳᠤ ᠬᠥᠬᠡᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠤᠨ ᠱᠠᠭᠠᠷᠳᠠᠯᠭ᠎ᠠ ᠶᠣᠰᠣᠭᠠᠷ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠭᠠᠷᠠᠭ ᠪᠦᠷᠢ ᠲᠣᠬᠢᠷᠠᠭᠤᠯᠤᠯᠲᠠ ᠬᠢᠵᠦ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠦᠢᠯᠡᠳᠪᠦᠷᠢᠯᠡᠯ ᠤᠨ ᠠᠮᠤᠷ ᠲᠦᠪᠰᠢᠨ᠂ ᠪᠠᠷᠢᠯᠭ᠎ᠠ ᠶᠢᠨ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠠᠮᠤᠷ ᠲᠦᠪᠰᠢᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠬᠦᠷᠢᠶᠡᠨ ᠤ ᠲᠣᠭᠤᠷᠢᠨ ᠳᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠢᠯᠠᠩᠭᠤᠶ᠎ᠠ ᠭᠠᠯ ᠢ ᠰᠡᠷᠭᠡᠶᠢᠯᠡᠬᠦ ᠠᠮᠤᠷ ᠲᠦᠪᠰᠢᠨ ᠢ ᠰᠠᠶᠢᠲᠤᠷ ᠠᠳᠬᠤᠵᠤ᠂ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠷ ᠴᠠᠬᠢᠯᠭᠠᠨ ᠴᠡᠨᠡᠭᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ  ᠪᠠᠷ ᠴᠢᠩᠭᠠᠳᠬᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ ᠪᠣᠯᠣᠨ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ ᠭᠠᠯ ᠤᠨ ᠭᠠᠮᠰᠢᠭ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ︽ᠶᠢᠰᠦᠨ ᠵᠢᠵᠢᠭ ᠭᠠᠵᠠᠷ ᠲᠠᠯᠠᠪᠤᠷ︾ ᠵᠡᠷᠭᠡ ᠭᠤᠣᠯᠳᠠᠯᠭ᠎ᠠ ᠲᠠᠢ ᠲᠠᠯᠠᠪᠤᠷ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠳᠥᠷᠪᠡ ᠳᠤ᠂ ᠣᠳᠣᠬᠠᠨ ᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠥᠪᠡᠷ ᠢᠶᠠᠨ ᠭᠡᠷ ᠪᠠᠷᠢᠬᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠵᠠᠰᠠᠯᠲᠠ ᠶᠢ ᠥᠷᠨᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠶᠢᠨ ᠬᠠᠮᠲᠤ ᠠᠷᠠᠳ ᠤᠨ ᠠᠭᠠᠷ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠢᠨᠵᠧᠨᠧᠷᠢᠩ ᠤᠨ ᠰᠡᠷᠭᠡᠶᠢᠯᠡᠯᠲᠡ᠂ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠠᠪᠤ ᠳᠤ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠭᠠᠯ ᠬᠡᠷᠡᠭᠯᠡᠬᠦ ᠣᠷᠭᠢᠯ ᠤᠨ ᠬᠤᠭᠤᠴᠠᠭᠠᠨ ᠤ ᠣᠨᠴᠠᠯᠢᠭ ᠲᠤ ᠴᠢᠭᠯᠡᠭᠦᠯᠦᠨ᠂ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠲᠤᠰᠬᠠᠢ ᠮᠡᠷᠭᠡᠵᠢᠯ ᠤᠨ ᠬᠦᠴᠦᠨ ᠢ ᠰᠢᠯᠢᠳᠡᠭᠵᠢᠭᠦᠯᠦᠨ ᠲᠣᠬᠢᠷᠠᠭᠤᠯᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠭᠠᠯ ᠤᠨ ᠲᠥᠷᠥᠯ ᠢ ᠠᠭᠤᠯᠠᠨ ᠳᠤ ᠣᠷᠣᠭᠤᠯᠵᠤ ᠣᠶ ᠰᠢᠭᠤᠢ ᠳᠤ ᠣᠷᠣᠭᠤᠯᠬᠤ ᠶᠢ ᠲᠠᠰᠤ ᠬᠤᠷᠢᠭᠯᠠᠵᠤ᠂ ᠲᠣᠭᠲᠠᠭᠠᠯ  ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠬᠦ ᠬᠡᠷᠡᠭᠲᠡᠢ᠃      ᠭᠤᠷᠪᠠ᠂ ᠬᠤᠷᠠᠯ ᠠᠴᠠ  ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 1 ︱ 2 ᠰᠠᠷ᠎ᠠ ᠶᠢᠨ ᠪᠦᠬᠦ ᠲᠣᠭᠤᠷᠢᠭ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠤᠰᠪᠠ᠃            ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠯ ᠤᠨ ᠠᠵᠢᠯ ᠬᠠᠪᠤᠷ ᠲᠠᠭᠠᠨ ᠪᠠᠶᠢᠨ᠎ᠠ᠂ ᠪᠦᠬᠦ ᠵᠢᠯ ᠤᠨ ᠨᠡᠮᠡᠭᠳᠡᠯ  ᠢ ᠲᠦᠷᠦᠭᠦᠦ ᠤᠯᠠᠷᠢᠯ  ᠠᠴᠠ ᠦᠵᠡᠨ᠎ᠡ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾᠂ ᠪᠦᠬᠦ ᠤᠯᠤᠰ ᠤᠨ︽ᠬᠤᠶᠠᠷ ᠬᠤᠷᠠᠯ︾ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠪᠦᠬᠦ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠡᠯ᠎ᠡ ᠵᠦᠢᠯ ᠤᠨ ᠡᠭᠦᠷᠭᠡ ᠶᠢ ᠴᠢᠨᠠᠭᠰᠢᠳᠠ ᠰᠤᠳᠤᠯᠤᠨ ᠨᠠᠷᠢᠯᠢᠭᠵᠢᠭᠤᠯᠵᠤ᠂ ᠰᠡᠳᠬᠢᠴᠡ ᠪᠠᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃             ᠬᠤᠷᠠᠯ ᠠᠴᠠ᠂ ᠨᠢᠭᠡ ᠳᠤ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠡᠷᠦᠩᠬᠡᠢ ᠬᠠᠷᠢᠭᠤᠴᠠᠵᠤ᠂ ᠪᠦᠬᠦ  ᠲᠣᠭᠤᠷᠢᠭ ᠤᠨ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠦᠯᠲᠡᠢ ᠪᠣᠯᠭᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠡᠷᠦᠩᠬᠡᠢ ᠬᠠᠷᠢᠭᠤᠴᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠬᠦ ᠠᠵᠢᠯ ᠢ ᠰᠠᠶᠢᠲᠤᠷ ᠬᠢᠵᠦ᠂ ᠨᠢᠭᠡᠳᠦᠭᠡᠷ ᠤᠯᠠᠷᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠭᠦᠢᠴᠡᠳᠬᠡᠯ ᠲᠤᠭ᠎ᠠ ᠶᠢ ᠪᠠᠷᠢᠮᠵᠢᠶ᠎ᠠ ᠳᠤ ᠬᠦᠷᠦᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠤᠷᠪᠠ ᠳᠤ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠢᠨᠴᠢᠶᠣᠣ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠨᠤᠭᠤᠳ ᠣᠷᠣᠯᠭ᠎ᠠ ᠶᠢ ᠶᠡᠭᠡ ᠪᠠᠷ ᠵᠣᠬᠢᠶᠠᠨ ᠪᠠᠶᠢᠭᠤᠯᠵᠤ᠂ ᠥᠷᠢᠲᠦᠵᠦ ᠪᠠᠶᠢᠭ᠎ᠠ ᠭᠠᠶᠢᠯᠢ ᠶᠢ ᠢᠯᠭᠠᠷᠠᠭᠤᠯᠤᠨ ᠲᠢᠭᠯᠡᠵᠦ᠂ ᠭᠠᠶᠢᠯᠢ ᠶᠢᠨ ᠪᠤᠰᠤ ᠭᠠᠶᠢᠯᠢ ᠶᠢ ᠢᠯᠭᠠᠷᠠᠭᠤᠯᠤᠨ ᠲᠤᠰᠢᠶᠠᠵᠤ᠂ ᠬᠤᠷᠢᠶᠠᠬᠤ ᠶᠣᠰᠣᠲᠠᠢ ᠶᠢ ᠨᠢ ᠪᠥᠬᠦᠳᠡ ᠶᠢ ᠬᠤᠷᠢᠶᠠᠬᠤ ᠬᠡᠷᠡᠭᠲᠡᠢ; ᠡᠵᠡᠮᠳᠡᠵᠦ ᠪᠣᠯᠬᠤ ᠡᠳ᠋ ᠤᠨ ᠬᠦᠴᠦᠨ ᠢ ᠢᠳᠡᠪᠬᠢᠲᠡᠢ ᠪᠠᠷ ᠴᠢᠷᠮᠠᠶᠢᠨ ᠣᠯᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢᠨ ᠬᠤᠪᠢ ᠶᠢᠨ ᠵᠢᠩ ᠢ ᠪᠦᠬᠦ ᠬᠦᠴᠦᠨ ᠢᠶᠠᠷ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠭᠠᠶᠢᠯᠢ ᠶᠢᠨ ᠢᠷᠡᠯᠲᠡ ᠶᠢ ᠪᠣᠶᠢᠵᠢᠭᠤᠯᠵᠤ᠂ ᠲᠠᠯᠳᠠ ᠬᠦᠴᠦᠨ ᠢ ᠠᠭᠤᠳᠠᠯᠤᠨ ᠣᠷᠣᠯᠭ᠎ᠠ ᠶᠢ ᠨᠡᠮᠡᠭᠳᠡᠭᠦᠯᠵᠦ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠶᠢ ᠴᠢᠩᠭᠠᠳᠬᠠᠵᠤ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠪᠦᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ᠃ ᠳᠥᠷᠪᠡ ᠳᠤ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠨᠢᠭᠡᠳᠦᠯᠲᠡᠢ ᠲᠥᠯᠥᠪᠯᠡᠬᠦ ᠠᠵᠢᠯ ᠢ ᠶᠡᠷᠦᠩᠬᠡᠶᠢᠯᠡᠨ ᠬᠠᠷᠢᠭᠤᠴᠠᠵᠤ᠂ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠵᠠ ᠲᠣᠬᠢᠶᠠᠯ ᠪᠣᠯᠭᠠᠵᠤ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠵᠦ᠂ ᠠᠵᠤ ᠠᠬᠤᠢ ᠶᠢ ᠬᠥᠭᠵᠢᠭᠦᠯᠬᠦ ᠬᠡᠷᠡᠭᠲᠡᠢ᠃      ᠳᠥᠷᠪᠡ᠂ ᠬᠤᠷᠠᠯ  ᠠᠴᠠ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ  ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤ  ᠮᠡᠳᠡᠭᠦᠯᠦᠯᠲᠡ ᠶᠢ ᠰᠣᠨᠤᠰᠪᠠ᠃            ᠬᠤᠷᠠᠯ  ᠠᠴᠠ ᠵᠢᠭᠠᠵᠤ ᠭᠠᠷᠭᠠᠭᠰᠠᠨ ᠨᠢ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ  ᠶᠢᠨ ᠨᠡᠶᠢᠳᠡᠮ ᠤᠨ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠮᠥᠨ᠂ ᠮᠦᠨᠴᠦ ᠤᠯᠤᠰ ᠠᠷᠠᠳ ᠤᠨ ᠠᠵᠤ ᠠᠬᠤᠢ  ᠶᠢᠨ ︽ᠪᠦᠬᠦ ᠲᠠᠯ᠎ᠠ  ᠶᠢᠨ ᠪᠠᠶᠢᠴᠠᠭᠠᠯᠲᠠ︾ ᠪᠠ ︽ᠰᠤᠳᠠᠯ  ᠢ ᠣᠨᠣᠴᠢᠲᠠᠢ ᠪᠠᠷ ᠠᠳᠬᠤᠬᠤ︾ ᠶᠠᠪᠤᠳᠠᠯ ᠮᠥᠨ᠂ ᠡᠨᠡ ᠨᠢ ᠠᠵᠤ ᠠᠬᠤᠢ ᠨᠡᠶᠢᠭᠡᠮ ᠤᠨ ᠬᠥᠭᠵᠢᠯᠲᠡ  ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠭ᠎ᠠ ᠶᠤᠮ᠃ ᠣᠳᠣᠬᠠᠨ ᠳᠤ᠂ ︽ᠲᠠᠪᠤᠨ ᠠᠵᠤ ᠠᠬᠤᠢ  ᠶᠢ ᠲᠦᠭᠡᠮᠡᠯᠵᠢᠭᠦᠯᠬᠦ︾ ᠶᠢ ᠳᠠᠩᠰᠠᠯᠠᠬᠤ ᠠᠵᠢᠯ ᠳᠠᠭᠤᠰᠲᠠᠯ᠎ᠠ 48 ᠡᠳᠦᠷ ᠬᠦᠷᠬᠦ ᠦᠭᠡᠢ᠂ ᠮᠠᠨ ᠤ  ᠲᠣᠭᠤᠷᠢᠭ ᠤᠨ  ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠤᠨ ᠲᠠᠯ᠎ᠠ  ᠪᠠᠷ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠥᠬᠦ ᠲᠣᠭᠤᠷᠢᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠠᠲᠤᠳᠬᠠᠬᠤ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠡᠷᠬᠡ ᠶᠢ ᠰᠢᠪᠲᠤᠯᠤᠨ ᠪᠡᠷᠬᠡ ᠶᠢ ᠳᠠᠪᠠᠵᠤ᠂ ᠲᠣᠭᠲᠠᠭᠰᠠᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠮᠠᠨ ᠤ ᠲᠣᠭᠤᠷᠢᠭ ᠤᠨ ᠠᠵᠤ ᠠᠬᠤᠢ ᠶᠢᠨ ᠪᠠᠭᠲᠠᠭᠠᠮᠵᠢ ᠶᠢ ᠦᠷᠭᠦᠯᠵᠢᠯᠡᠨ ᠪᠤᠵᠠᠭᠠᠶᠢᠷᠠᠭᠤᠯᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠢᠯᠡᠷᠡᠭᠦᠯᠬᠦ ᠬᠡᠷᠡᠭᠲᠡᠢ᠃            ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠡᠷᠦᠩᠬᠡᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠷᠭ᠎ᠠ ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠲᠠᠭᠤᠳᠠᠯ ᠢ ᠨᠥᠬᠦᠪᠦᠷᠢᠯᠡᠵᠦ᠂︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ᠡᠯ᠎ᠡ ᠵᠦᠢᠯ ᠤᠨ ᠠᠵᠢᠯ ᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠬᠢᠬᠦ ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠠᠪᠰᠤᠷᠤᠨ ᠲᠡᠳᠬᠦᠵᠦ ᠵᠢᠯᠤᠭᠤᠳᠬᠤ ᠶᠢ ᠴᠢᠩᠭᠠᠳᠬᠠᠵᠤ᠂ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠬᠤᠶᠠᠷ ᠲᠤ ᠡᠯ᠎ᠡ ᠭᠠᠵᠠᠷ ᠣᠷᠣᠨ ᠡᠯ᠎ᠡ ᠬᠠᠷᠢᠭᠤᠴᠠᠯᠭᠠᠲᠤ ᠨᠢᠭᠡᠴᠡ ᠪᠣᠳᠠᠲᠠᠢ ᠬᠠᠷᠢᠭᠤᠴᠠᠵᠤ᠂ ᠭᠤᠣᠯ ᠬᠠᠷᠢᠭᠤᠴᠠᠯᠭᠠᠲᠠᠨ ᠨᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠡᠮᠦᠨᠡᠰᠢ ᠪᠠᠨ ᠵᠢᠯᠤᠭᠤᠳᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠳᠡᠩᠰᠡᠯᠡᠨ ᠲᠡᠮᠳᠡᠭᠯᠡᠬᠦ ᠶᠠᠰᠤ ᠴᠢᠨᠠᠷ ᠢ ᠴᠢᠩᠭ᠎ᠠ ᠠᠳᠬᠤᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠵᠠᠳᠠᠯᠬᠤ ᠶᠢ ᠴᠢᠩᠭᠠᠷᠠᠭᠤᠯᠤᠨ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠢᠷᠡᠯᠲᠡ᠄   ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号