ᠰᠠᠶᠢᠬᠠᠨ ᠲᠣᠭᠤᠷᠢᠭ᠄ ︽ᠡᠮ ᠡᠮᠨᠡᠯᠭᠡ ᠨᠡᠶᠢᠭᠡᠮ ᠲᠣᠭᠤᠷᠢᠭ ᠲᠤ ᠣᠷᠣᠬᠤ︾ ᠪᠠᠷ ᠭᠤᠣᠯ ᠰᠡᠳᠦᠪ ᠪᠣᠯᠭᠠᠭᠰᠠᠨ ᠨᠠᠰᠤᠲᠠᠶᠢᠴᠤᠳ ᠲᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/10
       ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠡᠪᠡᠳᠴᠢᠨ ᠡᠮᠭᠡᠭ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠰᠠᠶᠢᠬᠠᠨ ᠲᠣᠭᠤᠷᠢᠭ ᠤᠨ ᠵᠣᠣ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠶᠢᠨ ᠹᠧᠩ ᠨᠡᠶᠢᠭᠡᠮ ᠲᠣᠭᠤᠷᠢᠭ ᠲᠠᠢ ᠺᠠᠩ ᠳᠠᠭᠠᠳᠬᠠᠯ ᠤᠨ ᠺᠣᠮᠫᠠᠨᠢ ᠲᠠᠢ ᠬᠤᠯᠪᠤᠭᠠᠯᠠᠨ ᠶᠢᠨ ᠭᠠᠩ ᠸᠠᠨ ᠰᠠᠭᠤᠭᠠᠯᠢ ᠲᠣᠭᠤᠷᠢᠭ ᠲᠤ ︽ᠡᠮ ᠡᠮᠨᠡᠯᠭᠡ ᠨᠡᠶᠢᠭᠡᠮ ᠲᠣᠭᠤᠷᠢᠭ ᠲᠤ ᠣᠷᠣᠬᠤ︾ ᠪᠠᠷ ᠭᠤᠣᠯ ᠰᠡᠳᠦᠪ ᠪᠣᠯᠭᠠᠭᠰᠠᠨ ᠨᠠᠰᠤᠲᠠᠶᠢᠴᠤᠳ ᠲᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ᠃
           ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠲᠤᠰᠬᠠᠢ ᠡᠮᠴᠢᠯᠡᠭᠡᠨ ᠤ ᠪᠦᠯᠬᠦᠮ ᠬᠢᠲᠠᠳ ᠡᠮᠨᠡᠯᠭᠡ ᠶᠢᠨ ᠨᠢᠭᠡ ᠴᠣᠭᠴᠠᠲᠤ ᠮᠠᠰᠢᠨ ᠢ ᠬᠡᠷᠡᠭᠯᠡᠨ ᠨᠠᠰᠤᠲᠠᠶᠢᠴᠤᠳ ᠲᠤ ᠪᠥᠬᠦ ᠲᠠᠯ᠎ᠠ ᠶᠢᠨ ᠰᠤᠳᠠᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠨᠠᠰᠤᠲᠠᠶᠢᠴᠤᠳ ᠨᠢᠭᠡᠪᠦᠷᠢ ᠳᠤ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠵᠦ᠂ ᠨᠠᠰᠤᠲᠠᠶᠢᠴᠤᠳ ᠢ ᠬᠠᠪᠰᠤᠷᠤᠨ ᠥᠪᠡᠷ ᠤᠨ ᠪᠡᠶ᠎ᠡ ᠶᠢᠨ ᠪᠠᠶᠢᠳᠠᠯ ᠢ ᠨᠢ ᠨᠠᠩ ᠰᠠᠶᠢᠲᠤᠷ ᠣᠶᠢᠯᠠᠭᠠᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠠᠵᠢᠯᠯᠠᠭᠠᠨ ᠤ ᠡᠷᠬᠢᠯᠡᠨ ᠭᠦᠢᠴᠡᠳᠭᠡᠭᠴᠢ ᠲᠠᠯ᠎ᠠ ᠶᠢᠨ ᠬᠢᠨ ᠳᠠᠯᠳᠠ ᠠᠶᠤᠯ ᠲᠦᠭᠰᠢᠭᠦᠷᠢ ᠲᠠᠢ 75 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠠᠶᠠᠭ ᠪᠡᠯᠡᠭᠯᠡᠪᠡ᠃ ᠨᠡᠶᠢᠭᠡᠮ ᠲᠣᠭᠤᠷᠢᠭ ᠤᠨ ᠠᠵᠢᠯᠲᠠᠨ ᠤ ᠬᠠᠪᠰᠤᠷᠤᠯᠭ᠎ᠠ ᠳᠣᠣᠷ᠎ᠠ᠂ ᠣᠯᠠᠨ ᠢᠶᠠᠷ ᠢᠶᠠᠨ ᠡᠮᠬᠢ ᠵᠢᠷᠤᠮ ᠲᠠᠢ ᠪᠠᠷ ᠮᠥᠷᠯᠡᠨ ᠪᠠᠶᠢᠴᠠᠭᠠᠬᠤ ᠶᠢ ᠬᠦᠯᠢᠶᠡᠵᠦ᠂ ᠲᠣᠰ ᠤᠳᠠᠭᠠᠨ ᠤ ᠠᠵᠢᠯᠯᠠᠭ᠎ᠠ ᠨᠢ ᠲᠡᠳᠡᠨ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠲᠡᠳᠡᠨ ᠢ ᠥᠪᠡᠷ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢᠶᠠᠨ ᠨᠠᠩ ᠠᠩᠬᠠᠷᠤᠭᠤᠯᠵᠠᠢ ᠭᠡᠵᠦ ᠢᠯᠡᠳᠬᠡᠵᠡᠭᠡᠪᠡ᠃
           ︽ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠠᠰᠤᠲᠠᠶᠢᠴᠤᠳ ᠢ ᠬᠠᠶᠢᠷᠠᠯᠠᠨ ᠬᠠᠮᠠᠭᠠᠯᠠᠬᠤ ᠪᠠᠷ ᠭᠤᠣᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠢ ᠳᠡᠯᠭᠡᠷᠡᠭᠦᠯᠬᠦ ᠪᠠᠷ ᠬᠦᠴᠦᠯᠡᠨ ᠴᠢᠷᠮᠠᠶᠢᠵᠤ᠂ ᠨᠠᠰᠤᠲᠠᠶᠢᠴᠤᠳ ᠲᠤ ᠨᠠᠩ ᠳᠥᠭᠦᠮ ᠳᠥᠲᠡ ᠪᠠ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠦᠷᠲᠡᠭᠡᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ᠂ ᠭᠠᠭᠴᠠᠭᠠᠷ ᠰᠠᠭᠤᠭ᠎ᠠ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠲᠣᠭᠲᠠᠮᠠᠯ ᠳᠦᠷᠢᠮᠲᠦ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠵᠤ᠂ ᠲᠡᠳᠡᠨ ᠤ ᠨᠠᠰᠤᠲᠠᠶᠢᠴᠤᠳ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠨᠢᠭᠡᠪᠦᠷᠢ ᠳᠤ ︿ᠨᠠᠰᠤᠲᠠᠨ ᠢᠶᠠᠨ ᠬᠤᠪᠢᠶᠠᠯᠴᠠᠨ᠎ᠠ﹀ ᠠᠮᠢᠳᠤᠷᠠᠯ ᠤᠨ ᠪᠠᠶᠠᠷ ᠪᠠᠭ᠋ᠠᠳᠤᠯ ᠢ ᠦᠨᠡᠨ ᠬᠦ ᠮᠡᠳᠡᠷᠡᠭᠦᠯᠦᠨ᠎ᠡ ᠭᠡᠵᠦ ᠲᠠᠢ ᠺᠠᠩ ᡁᠢ ᠵᠢᠶᠠ ᠨᠠᠰᠤᠵᠢᠯ ᠤᠨ ᠠᠰᠠᠷᠠᠮᠵᠢ ᠶᠢᠨ ᠨᠡᠶᠢᠭᠡᠮ ᠲᠣᠭᠤᠷᠢᠭ ᠤᠨ ᠠᠷᠭ᠎ᠠ ᠵᠠᠮ ᠤᠨ ᠬᠠᠷᠢᠭᠤᠴᠠᠯᠭᠠᠲᠠᠨ ᠸᠠᠩ ᠱᠢᠶᠣᠤ ᠴᠢᠩ ᠰᠤᠷᠪᠤᠯᠵᠢᠯᠠᠭᠴᠢ ᠳᠤ ᠬᠡᠯᠡᠪᠡ᠃
     ᠵᠣᠣ ᠤᠳᠠ ᠡᠮᠦᠨ᠎ᠡ ᠵᠠᠮ ᠤᠨ ᠶᠢᠨ ᠹᠧᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠱᠢ ᠾᠦᠢ ᠾᠦᠢ ᠄ ︽ᠲᠣᠰ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠨᠠᠰᠤᠲᠠᠶᠢᠴᠤᠳ ᠲᠤ ᠨᠠᠩ ᠣᠯᠠᠨ ᠬᠠᠶᠢᠷ᠎ᠠ ᠬᠠᠯᠠᠮᠵᠢ ᠬᠦᠷᠲᠡᠭᠡᠵᠦ᠂ ᠲᠡᠳᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠦ ᠲᠠᠷᠠᠭᠠᠴᠢ ᠶᠢᠨ ᠠᠯᠬᠤᠮ ᠳᠤ᠂ ᠪᠢᠳᠡ ᠨᠡᠶᠢᠭᠡᠮ ᠨᠡᠶᠢᠲᠡ ᠶᠢᠨ ᠠᠰᠠᠷᠠᠮᠵᠢ ᠶᠢᠨ ᠡᠬᠢ ᠪᠠᠶᠠᠯᠢᠭ ᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠨᠠᠰᠤᠲᠠᠶᠢᠴᠤᠳ ᠬᠢᠭᠡᠳ ᠨᠡᠶᠢᠭᠡᠮ ᠲᠣᠭᠤᠷᠢᠭ ᠤᠨ ᠬᠠᠷᠢᠯᠴᠠᠨ ᠬᠥᠳᠡᠯᠦᠯᠴᠡᠬᠦ ᠲᠠᠪᠴᠠᠩ ᠢ ᠪᠠᠶᠢᠭᠤᠯᠤᠨ᠂ ᠨᠠᠰᠤᠲᠠᠶᠢᠴᠤᠳ ᠤᠨ ᠨᠡᠶᠢᠭᠡᠮ ᠲᠣᠭᠤᠷᠢᠭ ᠤᠨ ᠠᠵᠢᠯᠯᠠᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠡᠷᠡᠭᠦᠯ ᠮᠡᠨᠳᠦ᠂ ᠤᠳᠬ᠎ᠠ ᠤᠷᠠᠯᠢᠭ ᠵᠡᠷᠭᠡ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ᠂ ᠨᠠᠰᠤᠲᠠᠶᠢᠴᠤᠳ ᠤᠨ ᠵᠣᠷᠢᠭ ᠰᠠᠨᠠᠭ᠎ᠠ ᠵᠢᠴᠢ ᠨᠡᠶᠢᠭᠡᠮ ᠤᠨ ᠬᠠᠷᠢᠯᠴᠠᠭᠠᠨ ᠤ ᠲᠠᠯ᠎ᠠ ᠶᠢᠨ ᠬᠡᠷᠡᠭᠴᠡᠭᠡ ᠶᠢ ᠬᠠᠩᠭᠠᠵᠤ᠂ ᠲᠡᠳᠡᠨ ᠤ ᠥᠲᠡᠯᠦᠭᠡ ᠨᠠᠰᠤᠨ ᠤ ᠠᠮᠢᠳᠤᠷᠠᠯ ᠢ ᠨᠠᠩ ᠪᠠᠶᠠᠯᠢᠭ ᠪᠣᠯᠭᠠᠵᠤ᠂ ᠨᠡᠶᠢᠭᠡᠮ ᠲᠣᠭᠤᠷᠢᠭ ᠤᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠡᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号