︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ  ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ  ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/5/10
      ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ            2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ  ᠮᠡᠳᠡᠭᠳᠡᠯ︾ ︵ᠳᠣᠷᠣᠭᠰᠢ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠪᠠ︶ ᠢ  ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ  ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ  ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ  ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ  ᠣᠷᠣᠨ ᠤ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ  ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ  ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ  ᠂  ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠲᠣᠭᠲᠠᠭᠠᠵᠤ ᠳᠠᠷᠠᠭ᠎ᠠ ᠨᠢ  ᠴᠤᠴᠠᠯᠬᠤ︾ ᠵᠠᠷᠴᠢᠮ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ  ᠣᠷᠳᠣᠨ ᠤ ᠠᠯᠪᠠᠨ ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ  ᠳᠠᠷᠤᠮᠠᠯᠯᠠᠨ ᠲᠠᠷᠬᠠᠭᠠᠭᠠᠳ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ ᠡᠷᠭᠢᠯᠳᠦᠭᠦᠯᠬᠦ — ᠳᠠᠷᠢᠬᠤ — ᠪᠣᠯᠪᠠᠰᠤᠷᠠᠭᠤᠯᠬᠤ — ᠦᠢᠯᠡᠴᠢᠯᠡᠬᠦ — ᠡᠵᠡᠩᠨᠡᠨ ᠪᠣᠷᠣᠯᠠᠭᠤᠯᠬᠤ︾  ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠶᠡᠭᠡ ᠬᠤᠪᠢᠰᠤᠯᠲᠠ ᠶᠢ  ᠠᠬᠢᠭᠤᠯᠵᠠᠢ᠃            ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠠᠢ ᠬᠠᠷᠢᠴᠠᠭᠤᠯᠪᠠᠯ ᠶᠠᠮᠠᠷ ᠶᠠᠮᠠᠷ  ᠬᠤᠪᠢᠷᠠᠯᠲᠠ ᠲᠠᠢ ᠪᠤᠢ︖          ︽ᠮᠡᠳᠡᠭᠳᠡᠯ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ  ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ  ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ  ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃  ᠬᠤᠶᠠᠷ ᠲᠤ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ  ᠲᠡᠳᠬᠦᠮᠵᠢ ᠶᠢ ᠣᠷᠣᠯᠠᠭᠤᠯᠬᠤ᠂ ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ  ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ  ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ  ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ  ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠶᠢ ᠲᠣᠬᠢᠷᠠᠭᠤᠯᠪᠠ᠃            ᠭᠤᠷᠪᠠ᠂ ᠭᠤᠣᠯ ᠠᠭᠤᠯᠭ᠎ᠠ            ︽ᠮᠡᠳᠡᠭᠳᠡᠯ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ  ᠳᠥᠷᠪᠡ ᠶᠢ ᠠᠳᠬᠤᠬᠤ ᠭᠤᠷᠪᠠ ᠶᠢ ᠪᠠᠲᠤᠯᠠᠬᠤ︾ ᠶᠢ ᠢᠯᠡᠷᠡᠭᠦᠯᠪᠡ᠃ ︽ᠳᠥᠷᠪᠡ ᠶᠢ ᠲᠣᠭᠲᠠᠭᠠᠬᠤ︾ ᠪᠣᠯ ︽ ᠪᠠᠷᠢᠮᠵᠢᠶ᠎ᠠ ᠶᠢ ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ  ᠲᠣᠭᠲᠠᠭᠠᠬᠤ︾᠂ ︽ᠳᠥᠷᠪᠡ ᠶᠢ ᠠᠳᠬᠤᠬᠤ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ  ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ︾᠂ ︽ ᠭᠤᠷᠪᠠ ᠶᠢ ᠪᠠᠲᠤᠯᠠᠬᠤ︾ ᠪᠣᠯ ︽ᠪᠡᠯᠡ ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂  ᠲᠣᠭᠲᠠᠴᠠ ᠶᠢᠨ ᠪᠠᠲᠤᠯᠠᠭ᠎ᠠ︾ ᠪᠣᠯᠣᠨ᠎ᠠ᠃            ︵ᠨᠢᠭᠡ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ ᠨᠥᠬᠦᠪᠦᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ︾᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ  ᠠᠷᠭ᠎ᠠ ᠵᠠᠮ ᠢ ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ᠂ ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ᠂  ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ  ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ︾᠂ ︽ ᠭᠤᠷᠪᠠ ᠶᠢ ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ‍ ᠨᠢᠭᠡ ᠶᠢ ᠰᠢᠨᠡᠳᠬᠡᠬᠦ︾ ᠪᠦᠲᠦᠭᠡᠨ  ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠬᠤ︾ ᠶᠢ  ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ᠠᠵᠢᠯ ᠤᠨ  ᠬᠠᠷᠢᠭᠤᠴᠠᠯᠭ᠎ᠠ ᠶᠢ ᠪᠣᠳᠠᠲᠠᠶᠢᠵᠢᠭᠤᠯᠵᠤ︾᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ  ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ  ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ  ᠵᠢᠯᠤᠭᠤᠳᠴᠤ ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ ᠲᠣᠭᠲᠠᠭᠠᠬᠤ᠂ ᠲᠤᠬᠠᠶᠢᠯᠠᠪᠠᠯ ︽ᠱᠠᠩᠨᠠᠬᠤ  ᠲᠣᠭᠲᠠᠴᠠ ᠶᠢ ᠪᠠᠶᠢᠭᠤᠯᠵᠤ︾᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠯ ᠪᠦᠷᠢ 2000 ᠲᠦᠮᠡᠨ  ᠲᠥᠭᠦᠷᠢᠭ ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ  ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃            ︵ᠬᠤᠶᠠᠷ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ᠡᠮᠦᠨᠡᠬᠢ  ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ  ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ  ᠪᠣᠳᠣᠯᠬᠢᠯᠠᠬᠤ︾ ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂  ᠭᠠᠵᠠᠷ ᠰᠣᠩᠭᠤᠬᠤ ᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ᠃ ᠬᠤᠶᠠᠷ ᠲᠤ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ ᠵᠠᠷᠯᠠᠵᠤ  ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ︾᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ  ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠡᠯᠧᠺᠲᠷᠣᠨ ᠳᠠᠭᠠᠭᠠᠴᠢᠯᠠᠯᠲᠠ ᠵᠠᠷᠯᠠᠬᠤ᠂ ᠣᠨᠳᠣᠣ ᠭᠠᠵᠠᠷ ᠲᠤ  ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ ᠬᠠᠤᠯᠢ  ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ ᠰᠢᠯᠭᠠᠨ  ᠠᠪᠬᠤ ᠶᠢ ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ ᠵᠢᠷᠤᠮᠵᠢᠭᠤᠯᠵᠤ︾᠂ ᠡᠯ᠎ᠡ  ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ  ᠲᠡᠩᠴᠡᠬᠦ ᠦᠭᠡᠢ ᠶᠢ ᠨᠢ ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ  ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ  ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠨ︾᠂  ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ  ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ  ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃            ︵ᠭᠤᠷᠪᠠ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ  ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ︾᠂ ᠲᠥᠰᠥᠯ ᠤᠨ ᠪᠡᠯᠡ ᠣᠷᠣᠭᠤᠯᠤᠯᠲᠠ ᠶᠢ ︽ᠨᠢᠭᠡ ᠭᠠᠵᠠᠷ ᠢ  ᠨᠢᠭᠡ ᠵᠥᠪᠯᠡᠵᠦ︾᠂ ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ︾᠂ ᠲᠤᠰᠠᠭᠠᠷ ᠵᠠᠷᠤᠳᠠᠯ ᠤᠨ ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ  ᠵᠣᠭᠤᠰ ᠢ ᠱᠠᠲᠤ ᠬᠤᠪᠢᠶᠠᠨ ᠥᠭᠭᠦᠨ᠎ᠡ᠃ ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ᠪᠦᠲᠦᠭᠡᠨ  ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ  ᠲᠥᠷᠥᠯ ᠤᠨ ᠥᠪᠡᠷ ᠤᠨ ᠱᠠᠭᠠᠷᠳᠠᠯᠭ᠎ᠠ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ︾᠃ ᠭᠤᠷᠪᠠ ᠳᠤ ᠲᠣᠭᠲᠠᠴᠠ ᠶᠢᠨ ᠪᠠᠲᠤᠯᠠᠭ᠎ᠠ᠂ ᠲᠤᠬᠠᠶᠢᠯᠠᠪᠠᠯ ︽ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ  ᠢᠨᠵᠧᠨᠧᠷᠢᠩ ᠤᠨ ︽ᠪᠠᠶᠢᠭᠤᠯᠬᠤ ᠬᠠᠮᠢᠶᠠᠷᠬᠤ ᠡᠵᠡᠩᠨᠡᠬᠦ︾ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ  ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ  ᠨᠥᠬᠦᠪᠦᠷᠢᠯᠡᠬᠦ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ  ᠣᠯᠠᠰᠢᠷᠠᠬᠤ ᠶᠢ ᠠᠬᠢᠭᠤᠯᠤᠨ᠎ᠠ᠃            ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ  ᠵᠤᠷᠪᠤᠰ︾ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号