ᠬᠥᠬᠡᠬᠤᠲᠠ ᠶᠢᠨ ᠳᠥᠷᠪᠡᠨ ᠲᠣᠭᠤᠷᠢᠭ ᠤᠨ 2024 ᠣᠨ ᠤ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ ᠠᠵᠢᠯ ᠡᠬᠢᠯᠡᠪᠡ︕
ᠨᠡᠶᠢᠲᠡᠯᠡᠭᠰᠡᠨ ᠴᠠᠭ᠄
2024/5/13
     ᠬᠥᠬᠡᠬᠤᠲᠠ ᠶᠢᠨ ᠳᠥᠷᠪᠡᠨ ᠲᠣᠭᠤᠷᠢᠭ ᠤᠨ 2024 ᠣᠨ ᠤ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ  ᠣᠷᠣᠬᠤ ᠮᠡᠳᠡᠭᠡ ᠵᠠᠩᠭᠢ ᠶᠢ ᠴᠤᠭᠯᠠᠭᠤᠯᠬᠤ ᠠᠵᠢᠯ ᠡᠬᠢᠯᠡᠪᠡ᠂ ᠮᠡᠳᠡᠭᠡ ᠵᠠᠩᠭᠢ ᠶᠢ ᠴᠤᠭᠯᠠᠭᠤᠯᠬᠤ ᠴᠠᠭ ᠨᠢ  2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠤᠨ 9᠄ 00 - 5 ᠳ᠋ᠤᠭᠠᠷ ᠰᠠᠷ᠎ᠠ ᠶᠢᠨ 31 ᠤ  ᠡᠳᠦᠷ ᠤᠨ 24᠄ 00 ᠪᠣᠯᠤᠨ᠎ᠠ᠂ ᠮᠡᠳᠡᠭᠡ ᠵᠠᠩᠭᠢ ᠶᠢ ᠴᠤᠭᠯᠠᠭᠤᠯᠬᠤ ᠡᠲᠡᠭᠡᠳ ᠨᠢ ᠪᠦᠬᠦᠯᠢ 6 ᠨᠠᠰᠤ ︵2018  ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠮᠡᠨᠳᠦᠯᠡᠭᠰᠡᠨ᠂ 8 ᠳ᠋ᠤᠭᠠᠷ ᠰᠠᠷ᠎ᠠ ᠶᠢᠨ 31 ᠤ  ᠡᠳᠦᠷ ᠪᠠᠭᠲᠠᠨ᠎ᠠ︶ ᠬᠦᠷᠦᠭᠰᠡᠨ ᠰᠤᠷᠤᠯᠴᠠᠬᠤ ᠴᠢᠳᠠᠪᠤᠷᠢ ᠲᠠᠢ ᠬᠡᠤᠬᠡᠳ ᠪᠠᠶᠢᠬᠤ ᠪᠥᠭᠡᠳ ᠳᠣᠤᠷᠠᠬᠢ  ᠨᠥᠬᠦᠴᠡᠯ ᠤᠨ ᠨᠢᠭᠡ ᠳᠤ ᠨᠡᠶᠢᠴᠡᠭᠰᠡᠨ ᠪᠠᠶᠢᠬᠤ ᠬᠡᠷᠡᠭᠲᠡᠢ᠄ ︵1︶ ᠬᠤᠲᠠ ᠶᠢᠨ ᠳᠥᠷᠪᠡᠨ ᠲᠣᠭᠤᠷᠢᠭ ᠤᠨ  ᠡᠷᠦᠬᠡ ᠠᠮᠠ ᠲᠠᠢ᠃ ︵2︶ ᠬᠤᠲᠠ ᠶᠢᠨ ᠳᠥᠷᠪᠡᠨ ᠲᠣᠭᠤᠷᠢᠭ ᠲᠤ ᠬᠠᠤᠯᠢ ᠶᠣᠰᠣᠨ ᠤ ᠲᠣᠭᠲᠠᠪᠤᠷᠢᠲᠠᠶ ᠣᠷᠣᠨ  ᠰᠠᠭᠤᠴᠠ ᠪᠠ ᠠᠵᠢᠯ ᠣᠯᠣᠭᠰᠠᠨ᠂ ᠦᠨᠡᠨ ᠪᠤᠲᠠᠲᠠᠢ᠂ ᠣᠨᠣᠪᠴᠢᠲᠠᠶ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠵᠤ  ᠴᠢᠳᠠᠬᠤ ᠮᠥᠷᠲᠡᠭᠡᠨ ᠲᠣᠭᠲᠠᠭᠠᠯ ᠳᠤ ᠨᠡᠶᠢᠴᠡᠭᠰᠡᠨ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ  ᠬᠥᠮᠥᠰ ᠤᠨ ᠳᠠᠭᠠᠵᠤ ᠨᠡᠭᠦᠭᠰᠡᠨ ᠦᠷ᠎ᠡ ᠬᠡᠦᠬᠡᠳ᠃ ᠮᠡᠳᠡᠭᠡ ᠵᠠᠩᠭᠢ ᠶᠢ ᠴᠤᠭᠯᠠᠭᠤᠯᠬᠤ ᠠᠷᠭ᠎ᠠ ᠮᠠᠶ᠋ᠢᠭ ᠨᠢ ᠭᠠᠷ  ᠤᠲᠠᠰᠤᠨ ᠳᠤ ︽ᠠᠢ ᠴᠢᠩ ᠴᠧᠩ︾ App ᠶᠢ ᠪᠠᠭᠤᠯᠭᠠᠵᠤ ᠳᠠᠩᠰᠠᠯᠠᠭᠤᠯᠤᠨ ᠲᠡᠮᠳᠡᠭᠯᠡᠭᠦᠯᠵᠦ᠂ ︽ ᠬᠦᠬᠡᠬᠤᠲᠠ ᠶᠢᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠠᠪᠰᠢᠬᠤ ᠮᠡᠳᠡᠭᠡ ᠵᠠᠩᠭᠢ ᠶᠢ ᠴᠤᠭᠯᠠᠭᠤᠯᠬᠤ︾ ᠳᠤ  ᠣᠷᠣᠵᠤ᠂ ᠬᠠᠮᠢᠶ᠎ᠠ ᠪᠥᠬᠦᠶ ᠲᠣᠳᠣᠷᠬᠠᠶᠢᠯᠠᠯᠲᠠ ᠪᠠ ᠰᠠᠨᠠᠭᠤᠯᠭ᠎ᠠ ᠶᠢ ᠦᠨᠳᠦᠰᠦᠯᠡᠨ ᠲᠠᠭᠯᠠᠨ ᠮᠡᠳᠡᠭᠦᠯᠬᠦ ᠶᠢ  ᠪᠡᠶᠡᠯᠡᠭᠦᠯᠦᠨ᠎ᠡ᠃ ᠲᠥᠪᠯᠡᠷᠡᠭᠦᠯᠦᠨ ᠲᠠᠭᠯᠠᠨ ᠮᠡᠳᠡᠭᠦᠯᠬᠦ ᠠᠴᠠ ᠪᠣᠯᠵᠤ ᠰᠦᠯᠵᠢᠶᠡᠨ ᠤ ᠲᠦᠭᠵᠢᠷᠡᠯ ᠢ  ᠡᠭᠦᠰᠭᠡᠬᠦ ᠠᠴᠠ ᠵᠠᠶᠢᠯᠠᠰᠭᠢᠬᠤ ᠶᠢᠨ ᠲᠥᠯᠥᠭᠡ᠂ ᠡᠯ᠎ᠡ ᠬᠡᠷ ᠤᠨ ᠠᠬᠠᠮᠠᠳ ᠠᠯᠢ ᠴᠢᠳᠠᠬᠤ ᠪᠠᠷ ᠴᠠᠭ ᠵᠦᠷᠢᠭᠦᠯᠦᠨ  ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠬᠢᠵᠦ ᠂ ᠮᠡᠳᠡᠭᠡ ᠵᠠᠩᠭᠢ ᠶᠢ ᠴᠤᠭᠯᠠᠭᠤᠯᠵᠤ ᠲᠠᠭᠯᠠᠨ ᠮᠡᠳᠡᠭᠦᠯᠬᠦ ᠴᠠᠭ  ᠪᠣᠯᠤᠨ ᠡᠯᠰᠡᠬᠦ ᠲᠠᠰ ᠳᠠᠷᠠᠭᠠᠯᠠᠯ ᠲᠠᠢ ᠬᠠᠮᠢᠶ᠎ᠠ ᠥᠬᠡᠶ᠂ ᠬᠡᠷᠪᠡ ᠲᠠᠭᠯᠠᠨ ᠮᠡᠳᠡᠭᠦᠯᠬᠦ ᠶᠢᠨ ᠠᠷᠭ᠎ᠠ ᠥᠬᠡᠶ ᠪᠠᠶᠢᠳᠠᠯ  ᠭᠠᠷᠪᠠᠯ ᠳᠠᠬᠢᠨ ᠲᠤᠷᠰᠢᠵᠤ ᠦᠵᠡᠭᠡᠷᠡᠢ᠃ ᠲᠣᠭᠲᠠᠭᠰᠠᠨ ᠴᠠᠭ ᠳᠣᠲᠣᠷ᠎ᠠ ︽ᠬᠦᠬᠡᠬᠤᠳᠠ ᠶᠢᠨ ᠴᠡᠴᠡᠷᠯᠢᠭ ᠠᠴᠠ  ᠪᠠᠭ᠎ᠠ ᠰᠤᠷᠭᠠᠭᠤᠯᠢ ᠳᠤ ᠳᠠᠪᠰᠢᠬᠤ ᠮᠡᠳᠡᠭᠡ ᠵᠠᠩᠭᠢ ᠶᠢ ᠴᠤᠭᠯᠠᠭᠤᠯᠬᠤ︾ ᠰᠢᠰᠲ᠋ᠧᠮ ᠳᠤ ᠣᠷᠣᠵᠤ ᠮᠡᠳᠡᠭᠡ ᠵᠠᠩᠭᠢ   ᠶᠢ ᠴᠤᠭᠯᠠᠭᠤᠯᠬᠤ ᠠᠵᠢᠯ ᠢ ᠬᠢᠭᠰᠡᠨ ᠦᠭᠡᠢ ᠰᠤᠷᠤᠭᠴᠢᠳ ᠢ ᠲᠤᠰ ᠭᠠᠵᠠᠷ ᠣᠷᠣᠨ ᠳᠤ ᠪᠠᠭ᠎ᠠ ᠰᠤᠷᠭᠠᠭᠤᠯᠢ ᠳᠤ  ᠤᠷᠤᠬᠤ ᠬᠡᠷᠡᠭᠴᠡᠭᠡ ᠦᠭᠡᠢ ᠭᠡᠵᠦ ᠦᠵᠡᠨ᠎ᠡ᠃ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ  ᠳᠠᠭᠤᠰᠤᠭᠰᠠᠨ ᠤ ᠳᠠᠷᠠᠭ᠎ᠠ ᠭᠡᠷ ᠤᠨ ᠠᠬᠠᠮᠠᠳ ︽ᠠᠢ ᠴᠢᠩ ᠴᠧᠩ︾ App ᠪᠠᠷ ᠳᠡᠮᠵᠢᠭᠤᠯᠤᠨ ᠡᠯᠰᠡᠭᠰᠡᠨ  ᠦᠷ᠎ᠡ ᠳ᠋ᠦᠩ ᠢ ᠯᠠᠪᠯᠠᠵᠤ ᠪᠣᠯᠤᠨ᠎ᠠ᠃ ᠡᠯ᠎ᠡ ᠭᠡᠷ ᠤᠨ ᠠᠬᠠᠮᠠᠳ ᠮᠡᠳᠡᠭᠡ ᠵᠠᠩᠭᠢ ᠶᠢ  ᠴᠤᠭᠯᠠᠭᠤᠯᠵᠤ ᠲᠠᠭᠯᠠᠨ  ᠮᠡᠳᠡᠭᠦᠯᠬᠦ ᠶᠠᠪᠤᠴᠠ ᠶᠢ ᠨᠠᠷᠢᠨ ᠬᠢᠨᠠᠮᠠᠭᠠᠢ ᠦᠵᠡᠵᠦ ᠰᠤᠷᠤᠯᠴᠠᠬᠤ ᠶᠢᠨ ᠬᠠᠮᠲᠤ ᠬᠤᠪᠢ ᠬᠥᠮᠦᠨ ᠤ ᠮᠡᠳᠡᠭᠡ  ᠵᠠᠩᠭᠢ ᠶᠢ ᠦᠨᠡᠨ ᠪᠣᠳᠠᠲᠠᠢ ᠣᠨᠣᠪᠴᠢᠲᠠᠢ ᠲᠠᠭᠯᠠᠨ ᠮᠡᠳᠡᠭᠦᠯᠵᠦ᠂ ᠬᠡᠦᠬᠡᠳ ᠤᠨ ᠰᠤᠷᠭᠠᠭᠤᠯᠢ ᠳᠤ ᠣᠷᠣᠬᠤ ᠶᠢ  ᠨᠥᠯᠥᠭᠡᠯᠡᠬᠦ ᠠᠴᠠ ᠵᠠᠶᠢᠯᠠᠰᠬᠢᠵᠦ᠂ ᠬᠡᠷᠪᠡ ᠶᠠᠮᠠᠷ ᠴᠤ ᠠᠰᠠᠭᠤᠳᠠᠯ ᠪᠠᠶᠢᠪᠠᠯ ᠳᠣᠣᠷᠠᠬᠢ ᠠᠯᠪᠠᠨ ᠲᠠᠯ᠎ᠠ ᠶᠢᠨ ᠠᠷᠭ᠎ᠠ  ᠵᠠᠮ ᠢᠶᠠᠷ ᠠᠰᠠᠭᠤᠨ ᠯᠠᠪᠯᠠᠭᠠᠷᠠᠶ᠃ 1. ᠠᠢ ᠴᠢᠩ ᠴᠧᠩ App ᠵᠢᠴᠢ ᠬᠦᠬᠡᠬᠤᠲᠠ ᠶᠢᠨ ᠴᠡᠴᠡᠷᠯᠢᠭ ᠠᠴᠠ ᠪᠠᠭ᠎ᠠ  ᠰᠤᠷᠭᠠᠭᠤᠯᠢ ᠳᠤ ᠳᠠᠪᠰᠢᠬᠤ ᠮᠡᠳᠡᠭᠡ ᠵᠠᠩᠭᠢ ᠶᠢ ᠴᠤᠭᠯᠠᠭᠤᠯᠬᠤ ᠰᠢᠰᠲ᠋ᠧᠮ ᠤᠨ ᠬᠡᠷᠡᠭᠯᠡᠭᠡᠨ ᠤ ᠠᠰᠠᠭᠤᠳᠠᠯ ᠢ ᠠᠢ  ᠴᠢᠩ ᠴᠧᠩ App ᠰᠦᠯᠵᠢᠶᠡᠨ ᠳᠡᠭᠡᠷᠡᠬᠢ ᠵᠣᠴᠢᠳ ᠲᠤ ᠦᠢᠯᠡᠴᠢᠯᠡᠬᠦ ᠪᠤᠶᠤ ᠵᠣᠴᠢᠳ ᠲᠤ ᠦᠢᠯᠡᠴᠢᠯᠡᠬᠦ  ᠤᠲᠠᠰᠤ᠄ 0471  - 4137500 ᠢᠶᠠᠷ ᠳᠠᠮᠵᠢᠭᠤᠯᠤᠨ ᠠᠰᠠᠭᠤᠨ ᠯᠠᠪᠯᠠᠵᠤ ᠪᠣᠯᠤᠨ᠎ᠠ᠃ 2.2024  ᠣᠨ ᠳᠤ ᠬᠤᠲᠠ ᠶᠢᠨ ᠳᠥᠷᠪᠡᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠲᠥᠷᠥ ᠶᠢᠨ  ᠪᠣᠳᠣᠯᠭ᠎ᠠ ᠨᠢ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http: //www.hhkszx.cn︶ ᠶᠢ ᠴᠠᠭ ᠲᠤᠬᠠᠶ ᠳᠤᠨᠢ ᠠᠩᠬᠠᠷᠤᠭᠠᠷᠠᠢ᠂ ᠬᠤᠲᠠ ᠶᠢᠨ ᠳᠥᠷᠪᠡᠨ ᠲᠣᠭᠤᠷᠢᠭ ᠤᠨ  ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠶ᠋ᠢᠭ ᠵᠢᠴᠢ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠤᠲᠠᠰᠤ᠄
             ᠢᠷᠡᠯᠲᠡ᠄   ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号