ᠭᠦᠭᠡᠬᠤᠲᠠ ᠠᠮᠤᠭᠤᠯᠠᠩ ᠰᠤᠪᠢᠯᠠᠯᠲᠠ ᠶᠢᠨ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠪᠤᠶ
ᠨᠡᠶᠢᠲᠡᠯᠡᠭᠰᠡᠨ ᠴᠠᠭ᠄
2024/5/13
     ᠭᠦᠭᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠣᠶᠢᠯᠠᠭᠠᠭᠰᠠᠨ ᠢᠶᠠᠷ᠂ 2023 ᠣᠨ ᠳᠤ ᠭᠦᠭᠡᠬᠤᠲᠠ ᠭᠤᠷᠪᠠᠳᠤᠭᠠᠷ ᠪᠦᠯᠦᠭ ᠤᠨ ᠤᠯᠤᠰ ᠤᠨ ᠠᠮᠤᠭᠤᠯᠠᠩ ᠰᠤᠪᠢᠯᠠᠯᠲᠠ ᠶᠢᠨ ᠲᠤᠷᠰᠢᠯᠲᠠ ᠶᠢᠨ ᠬᠤᠲᠠ ᠪᠠᠷ ᠲᠣᠭᠲᠠᠭᠠᠭᠳᠠᠪᠠ᠂ ᠲᠤᠷᠰᠢᠯᠲᠠ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ ᠭᠦᠭᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠡᠨᠡ ᠵᠢᠯ ᠤᠨ 2 ᠰᠠᠷ᠎ᠠ ᠠᠴᠠ 4 ᠰᠠᠷ᠎ᠠ ᠪᠤᠯᠳᠠᠯ᠎ᠠ ᠠᠮᠤᠭᠤᠯᠠᠩ ᠰᠤᠪᠢᠯᠠᠯᠲᠠ ᠶᠢᠨ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠪᠠ᠃      ᠠᠮᠤᠭᠤᠯᠠᠩ ᠰᠤᠪᠢᠯᠠᠯᠲᠠ ᠨᠢ ᠭᠤᠣᠯᠳᠠᠭᠤ ᠡᠪᠡᠳᠴᠢᠨ ᠤ ᠰᠡᠭᠦᠯᠴᠢ ᠶᠢᠨ ᠬᠤᠭᠤᠴᠠᠭ᠎ᠠ ᠪᠤᠶᠤ ᠨᠠᠰᠤ ᠠᠬᠢᠭᠰᠠᠨ ᠡᠪᠡᠳᠴᠢᠲᠡᠨ ᠳᠤ ᠨᠠᠰᠤ ᠪᠠᠷᠠᠬᠤ ᠠᠴᠠ ᠨᠢ ᠡᠮᠦᠨ᠎ᠡ ᠵᠣᠪᠠᠭᠤᠷᠢ ᠵᠦᠳᠡᠭᠦᠷᠢ ᠪᠠ ᠡᠪᠡᠳᠴᠢᠨ ᠤ ᠪᠠᠶᠢᠳᠠᠯ ᠢ ᠨᠠᠮᠳᠠᠭᠤᠯᠵᠤ᠂ ᠪᠡᠶ᠎ᠡ ᠮᠠᠬᠠᠪᠤᠳ᠂ ᠰᠡᠳᠬᠢᠴᠡ᠂ ᠣᠶᠤᠨ ᠰᠠᠨᠠᠭ᠎ᠠ ᠵᠡᠷᠭᠡ ᠲᠠᠯ᠎ᠠ ᠶᠢᠨ ᠬᠠᠷᠠᠭᠠᠯᠵᠠᠯ ᠪᠠ ᠦᠢᠯᠡᠴᠢᠯᠡᠭᠡ ᠬᠠᠩᠭᠠᠵᠤ᠂ ᠡᠪᠡᠳᠴᠢᠲᠡᠨ ᠤ ᠲᠠᠭᠠᠯᠠᠮᠵᠢᠲᠠᠢ᠂ ᠠᠮᠤᠷ ᠲᠠᠶᠢᠪᠤᠩ᠂ ᠨᠡᠷ᠎ᠡ ᠬᠦᠨᠳᠦ ᠲᠠᠢ ᠪᠠᠷ ᠨᠠᠰᠤ ᠨᠥᠭᠴᠢᠬᠦ ᠳᠤ ᠬᠠᠪᠰᠤᠷᠤᠮᠵᠢ ᠦᠵᠡᠭᠦᠯᠭᠦ ᠶᠢ ᠵᠣᠷᠢᠭᠰᠠᠨ ᠪᠠᠶᠢᠨ᠎ᠠ᠃      ᠭᠦᠭᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠠᠮᠤᠭᠤᠯᠠᠩ ᠰᠤᠪᠢᠯᠠᠯᠲᠠ ᠶᠢᠨ ᠲᠤᠷᠰᠢᠯᠲᠠ ᠶᠢᠨ ᠠᠵᠢᠯ ᠤᠨ ᠳᠤᠮᠳᠠ᠂ ᠭᠦᠭᠡᠬᠤᠲᠠ ᠳᠤ ᠲᠤᠷᠰᠢᠯᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠨᠢᠭᠡᠳᠦᠯ ᠦᠭᠡᠢ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠ ᠡᠮ ᠡᠮᠨᠡᠯᠭᠡ ᠶᠢᠨ ᠰᠦᠢᠳᠬᠡᠯ ᠬᠤᠷᠢᠶᠠᠬᠤ ᠨᠢ ᠲᠡᠭᠦᠯᠳᠡᠷᠵᠢᠭᠡᠳᠦᠢ᠂ ᠲᠤᠰᠬᠠᠢ ᠮᠡᠷᠭᠡᠵᠢᠯ ᠤᠨ ᠪᠣᠯᠪᠠᠰᠤᠷᠠᠯ ᠬᠦᠷᠦᠯᠴᠡᠬᠦ ᠦᠭᠡᠢ᠂ ᠠᠷᠠᠳ ᠣᠯᠠᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠪᠠᠶᠢᠳᠠᠯ ᠢ ᠳᠡᠮᠡᠢ ᠣᠶᠢᠯᠠᠭᠠᠬᠤ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠠᠲᠠᠵᠠᠢ᠃ ᠡᠶᠢᠮᠦ ᠠᠴᠠ ᠪᠠᠶᠢᠩᠭᠤ ᠶᠢᠨ ᠬᠤᠷᠢᠶ᠎ᠠ ᠠᠴᠠ᠂ ᠠᠮᠤᠭᠤᠯᠠᠩ ᠰᠤᠪᠢᠯᠠᠯᠲᠠ ᠶᠢᠨ ᠦᠢᠯᠡᠴᠢᠯᠡᠭᠡᠨ ᠤ ᠦᠵᠦ ᠲᠥᠯᠥᠪᠯᠡᠭᠡ ᠶᠢᠨ ᠠᠵᠢᠯ ᠢ ᠰᠠᠶᠢᠲᠤᠷ ᠬᠢᠵᠦ᠂ ᠠᠮᠤᠷᠵᠢᠭᠤᠯᠬᠤ ᠰᠤᠪᠢᠯᠠᠯᠲᠠ ᠶᠢᠨ ᠠᠵᠢᠯ ᠤᠨ ᠤᠷᠳᠤ ᠬᠤᠭᠤᠴᠠᠭᠠᠨ ᠤ ᠪᠠᠶᠢᠷᠢᠯᠠᠭᠤᠯᠤᠯᠲᠠ ᠶᠢᠨ ᠲᠥᠯᠦᠪᠵᠢᠭᠦᠯᠭᠡ ᠪᠠ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠠ ᠪᠣᠳᠠᠲᠠᠢ ᠠᠭᠤᠯᠭ᠎ᠠ ᠶᠢ ᠨᠠᠷᠢᠯᠢᠭᠵᠢᠭᠤᠯᠤᠨ ᠵᠠᠳᠠᠯᠬᠤ; ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠳᠣᠷᠬᠠᠶᠢᠯᠠᠵᠤ᠂ ᠲᠤᠷᠰᠢᠯᠲᠠ ᠶᠢᠨ ᠴᠡᠭ ᠤᠨ ᠪᠠᠶᠢᠭᠤᠯᠤᠮᠵᠢ ᠳᠤ ᠠᠮᠤᠭᠤᠯᠠᠩ ᠰᠤᠪᠢᠯᠠᠯᠲᠠ ᠶᠢᠨ ᠡᠪᠡᠳᠴᠢᠲᠡᠨ ᠤ ᠲᠣᠭᠤᠷᠢᠭ ᠢ ᠪᠠᠶᠢᠭᠤᠯᠬᠤ᠂ ᠡᠮᠴᠢᠯᠡᠭᠡᠨ ᠤ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠲᠠᠯ᠎ᠠ ᠠᠴᠠ ᠰᠠᠭᠤᠷᠢ ᠪᠠᠷᠢᠮᠵᠢᠶ᠎ᠠ ᠶᠢ ᠲᠣᠭᠲᠠᠭᠠᠨ᠂ ᠠᠮᠤᠭᠤᠯᠠᠩ ᠰᠤᠪᠢᠯᠠᠯᠲᠠ ᠳᠤ ᠲᠣᠬᠢᠷᠠᠬᠤ ᠡᠲᠡᠭᠡᠳ ᠢ ᠮᠠᠭᠠᠳᠯᠠᠨ ᠲᠣᠭᠲᠠᠭᠠᠬᠤ ᠦᠨᠳᠦᠰᠦᠯᠡᠯ ᠢ ᠲᠣᠳᠣᠷᠬᠠᠶᠢᠯᠠᠵᠤ᠂ ᠠᠮᠤᠭᠤᠯᠠᠩ ᠰᠤᠪᠢᠯᠠᠯᠲᠠ ᠶᠢᠨ ᠦᠢᠯᠡᠴᠢᠯᠡᠭᠡᠨ ᠤ ᠲᠥᠷᠥᠯ ᠵᠦᠢᠯ ᠪᠠ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠲᠤᠷᠰᠢᠯᠲᠠ ᠶᠢᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠᠷ ᠪᠤᠰᠤᠳ ᠬᠤᠰᠢᠭᠤ ᠰᠢᠶᠠᠨ ᠲᠣᠭᠤᠷᠢᠭ ᠤᠨ ᠠᠮᠤᠭᠤᠯᠠᠩ ᠰᠤᠪᠢᠯᠠᠯᠲᠠ ᠶᠢᠨ ᠠᠵᠢᠯ ᠥᠷᠨᠢᠭᠦᠯᠬᠦ ᠶᠢ ᠳᠠᠶᠢᠴᠢᠯᠠᠬᠤ; ᠲᠥᠷᠥᠯ ᠵᠦᠢᠯ ᠤᠨ ᠰᠦᠢᠳᠬᠡᠯ ᠬᠤᠷᠢᠶᠠᠬᠤ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠬᠡᠪᠴᠢᠶ᠎ᠡ ᠳᠤ ᠲᠣᠬᠢᠷᠠᠭᠤᠯᠤᠯᠲᠠ ᠭᠢᠭᠦ; ᠲᠤᠰᠬᠠᠢ ᠮᠡᠷᠭᠡᠵᠢᠯ ᠤᠨ ᠪᠦᠯᠭᠦᠮ ᠨᠡᠶᠢᠲᠡ ᠶᠢ ᠪᠦᠷᠢᠨ ᠭᠦᠢᠴᠡᠳ ᠲᠣᠬᠢᠷᠠᠭᠤᠯᠵᠤ᠂ ᠲᠤᠰᠬᠠᠢ ᠮᠡᠷᠭᠡᠵᠢᠯ ᠪᠠ ᠰᠡᠳᠬᠢᠴᠡ ᠶᠢᠨ ᠪᠣᠯᠪᠠᠰᠤᠷᠠᠯ ᠢ ᠴᠢᠩᠭᠠᠷᠠᠭᠤᠯᠬᠤ ᠵᠡᠷᠭᠡ ᠲᠠᠯ᠎ᠠ ᠠᠴᠠ ᠰᠠᠨᠠᠭᠤᠯᠭ᠎ᠠ ᠳᠤᠷᠠᠳᠪᠠ᠃      ᠲᠠᠷᠠᠭᠠᠴᠢ ᠪᠠᠷ᠂ ᠭᠦᠭᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠮᠤᠭᠤᠯᠠᠩ ᠰᠤᠪᠢᠯᠠᠯᠲᠠ ᠶᠢᠨ ᠠᠵᠢᠯ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠬᠤᠯᠠ ᠭᠤᠭᠴᠤᠭ᠎ᠠ ᠪᠣᠯᠭᠠᠨ ᠮᠥᠷᠳᠡᠨ ᠬᠢᠨᠠᠯᠲᠠ ᠲᠠᠯᠪᠢᠵᠤ᠂ ᠪᠦᠲᠦᠮᠵᠢᠲᠡᠶ ᠬᠠᠤᠯᠢ ᠲᠣᠭᠲᠠᠭᠠᠬᠤ ᠬᠢᠨᠠᠯᠲᠠ ᠲᠠᠯᠪᠢᠬᠤ ᠲᠥᠯᠥᠭᠡᠯᠡᠭᠴᠢ ᠶᠢᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠨᠠᠰᠤᠲᠠᠨ ᠢ ᠠᠰᠠᠷᠠᠬᠤ᠂ ᠠᠮᠤᠭᠤᠯᠠᠩ  ᠰᠤᠪᠢᠯᠠᠯᠲᠠ ᠶᠢᠨ ᠦᠢᠯᠡᠴᠢᠯᠡᠭᠡ ᠵᠡᠷᠭᠡ ᠨᠢᠭᠡ ᠪᠦᠯᠦᠭ ᠨᠠᠰᠤᠵᠢᠯ ᠤᠨ ᠠᠰᠠᠷᠠᠮᠵᠢ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号