| | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠨᠢ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠥᠬᠦ ᠣᠷᠣᠨ ᠳᠤ 17281 ᠰᠢᠨ᠎ᠡ ᠡᠨᠧᠷᠭᠢ ᠶᠢᠨ | ᠮᠠᠰᠢᠨ ᠲᠡᠷᠭᠡ ᠶᠢ ᠳᠡᠯᠭᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 124.5% ᠪᠠᠷ ᠨᠡᠮᠡᠭᠳᠡᠪᠡ᠃ | | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠬᠥᠭᠵᠢᠭᠦᠯᠬᠦ ᠪᠣᠯ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ | ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤᠷᠢᠳ ᠬᠤᠵᠢᠳ ︽ᠰᠢᠨ᠎ᠡ ᠡᠨᠧᠷᠭᠢ ᠶᠢᠨ | ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ | ᠪᠣᠳᠣᠯᠭ᠎ᠠ ᠶᠢᠨ ᠴᠢᠨᠠᠷᠲᠠᠢ ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ | ᠬᠦᠷᠢᠶᠡᠨ ᠳᠠᠬᠢ ᠳᠡᠯᠭᠡᠷᠡᠭᠦᠯᠬᠦ ᠪᠠᠨ ᠡᠷᠴᠢᠮᠵᠢᠭᠦᠯᠬᠦ᠂ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠨᠤᠭᠤᠳ ᠢᠶᠠᠷ ᠪᠠᠶᠢᠷᠢᠯᠠᠭᠤᠯᠵᠤ᠂ ᠰᠢᠨ᠎ᠡ ᠡᠨᠧᠷᠭᠢ ᠶᠢᠨ | ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠᠨ ᠦᠷᠭᠦᠯᠵᠢᠯᠡᠨ ᠡᠷᠴᠢᠮᠵᠢᠭᠦᠯᠪᠡ᠃ | | | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠪᠥᠬᠦ ᠣᠷᠣᠨ ᠤ ᠰᠢᠨ᠎ᠡ | ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠮᠵᠢ ᠢᠯᠡᠳᠲᠡ ᠪᠣᠯᠪᠠ᠃ ᠡᠨᠡ ᠵᠢᠯ ᠤᠨ | 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠡᠶᠢᠲᠡ 115673 ᠰᠢᠨ᠎ᠡ ᠡᠨᠧᠷᠭᠢ ᠶᠢᠨ ᠮᠠᠰᠢᠨ | ᠲᠡᠷᠭᠡ ᠶᠢ ᠤᠯᠤᠰ ᠤᠨ ᠬᠢᠨᠠᠨ ᠬᠠᠮᠢᠶᠠᠷᠬᠤ ᠲᠠᠪᠴᠠᠩ ᠳᠤ ᠵᠠᠯᠭᠠᠪᠠ᠂ ᠡᠭᠦᠨ ᠳᠤ᠂ ᠴᠤᠯᠤ ᠴᠠᠬᠢᠯᠭᠠᠨ ᠬᠥᠳᠡᠯᠭᠡᠭᠦᠷᠲᠦ | ᠮᠠᠰᠢᠨ ᠲᠡᠷᠭᠡ 59302᠂ ᠬᠤᠯᠢᠮᠠᠭ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ 56371 ᠪᠣᠶ︔ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠠᠶᠠᠯᠠᠭᠰᠠᠨ ᠵᠠᠮ ᠤᠨ ᠣᠷᠳᠣ ᠨᠢ ᠨᠡᠶᠢᠲᠡ 36.52 ᠳ᠋ᠦᠩᠰᠢᠭᠤᠷ | ᠺᠢᠯᠣᠮᠧᠲᠷ ᠲᠤ ᠬᠦᠷᠴᠦ᠂ ᠴᠠᠬᠢᠯᠭᠠᠨ ᠬᠡᠷᠡᠭᠯᠡᠭᠰᠡᠨ ᠬᠡᠮᠵᠢᠶ᠎ᠡ 14.18 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | 4.11 ᠳ᠋ᠦᠩᠰᠢᠭᠤᠷ ᠯᠢᠲᠷ ᠲᠦᠯᠡᠰᠢ ᠶᠢ ᠣᠷᠣᠯᠠᠵᠤ᠂ 178.8 ᠲᠦᠮᠡᠨ ᠲᠣᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠪᠠᠭᠠᠰᠬᠠᠪᠠ᠃ |