ᠰᠠᠶᠢᠬᠠᠨ ᠲᠣᠭᠤᠷᠢᠭ᠄ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢ ᠪᠣᠶ ᠪᠣᠯᠭᠠᠵᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠣᠷᠣᠯᠭ᠎ᠠ ᠶᠢ ᠡᠭᠦᠳᠦᠨ᠎ᠡ
ᠨᠡᠶᠢᠲᠡᠯᠡᠭᠰᠡᠨ ᠴᠠᠭ᠄
2024/5/15
     ᠰᠠᠶᠢᠬᠠᠨ ᠲᠣᠭᠤᠷᠢᠭ  ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ  ᠤᠨ ᠰᠠᠭᠤᠷᠢ ᠶᠢ ᠴᠢᠩᠭᠠᠳᠭᠠᠬᠤ ᠪᠠᠷ ᠬᠠᠷᠠᠯᠲᠠ ᠪᠣᠯᠭᠠᠵᠤ᠂ ᠠᠳᠠᠯ ᠦᠢᠯᠡᠰ ᠴᠣᠭᠴᠠᠯᠠᠬᠤ ᠬᠡᠯᠪᠡᠷᠢ ᠶᠢᠨ  ᠰᠢᠨᠵᠢᠯᠡᠬᠦ ᠤᠬᠠᠭᠠᠨ ᠮᠡᠷᠭᠡᠵᠢᠯ  ᠤᠨ ᠣᠨᠴᠠ ᠳᠣᠮ ᠢᠯᠠᠭᠴᠢ ᠶᠢ ᠪᠣᠶᠢᠵᠢᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ  ᠤᠨ ᠠᠳᠠᠯ ᠦᠢᠯᠡᠰ ᠴᠣᠭᠴᠠᠯᠠᠬᠤ ᠪᠠ ᠮᠡᠷᠭᠡᠵᠢᠯ  ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠣᠷᠣᠯᠭ᠎ᠠ ᠪᠠᠨ ᠡᠭᠦᠳᠬᠦ ᠶᠢ ᠳᠠᠶᠢᠴᠢᠯᠠᠨ᠎ᠠ᠃ ᠦᠢᠯᠡᠰ ᠪᠣᠰᠬᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠰᠠᠶᠢᠬᠠᠨ ᠲᠣᠭᠤᠷᠢᠭ ᠤᠨ ᠲᠠᠷᠢᠶᠠᠨ ᠭᠠᠵᠠᠷ ᠲᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠵᠢᠯᠤᠭᠤᠳᠬᠤ ᠠᠵᠢᠯ ᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠪᠡ᠃
         ᠣᠨᠴᠠ ᠲᠣᠮᠢᠯᠠᠭᠰᠠᠨ ᠯᠢᠦ ᠴᠢᠩ ᠵᠦᠩ ᠰᠠᠶᠢᠬᠠᠨ ᠲᠣᠭᠤᠷᠢᠭ ᠤᠨ ᠪᠠᠷᠠᠭᠤᠨ ᠲᠣᠬᠤᠢ ᠶᠢᠨ ᠬᠤᠤ ᠲᠣᠰᠬᠤᠨ ᠤ ᠲᠠᠷᠢᠮᠠᠯ ᠤᠨ ᠡᠷᠦᠬᠡ ᠬᠠᠨ ᠶᠦᠩ ᠾᠧ ᠶᠢᠨ ᠬᠦᠯᠡᠮᠵᠢ ᠳᠤ ᠬᠦᠷᠴᠦ᠂ ᠬᠦᠯᠡᠮᠵᠢ ᠶᠢᠨ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠪᠣᠯᠣᠨ ᠢᠳᠡᠰᠢᠨ ᠨᠣᠭᠤᠭ᠎ᠠ ᠶᠢᠨ ᠤᠷᠭᠤᠴᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠨᠡᠶᠢᠲᠡ ᠨᠢ ᠲᠠᠷᠢᠶᠠᠯᠠᠩ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠤᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠭᠠᠭᠴᠠ ᠬᠥᠮᠥᠨ ᠤ ᠪᠠᠶᠢᠯᠳᠤᠬᠤ ᠪᠠᠶᠢᠯᠳᠤᠭᠠᠨ᠂ ᠳᠠᠩ ᠭᠠᠭᠴᠠ ᠦᠢᠯᠡᠴᠢᠯᠡᠭᠡᠨ ᠤ ᠬᠡᠯᠪᠡᠷᠢ ᠶᠢ ᠬᠤᠪᠢᠷᠠᠭᠤᠯᠤᠨ ᠪᠦᠯᠬᠦᠮ ᠪᠠᠶᠢᠭᠤᠯᠵᠤ ᠪᠠᠶᠢᠯᠳᠤᠬᠤ᠂ ᠪᠥᠬᠦ ᠲᠠᠯ᠎ᠠ ᠪᠠᠷ ᠦᠢᠯᠡᠴᠢᠯᠡᠬᠦ ᠪᠣᠯᠭᠠᠨ ᠬᠤᠪᠢᠷᠠᠭᠤᠯᠵᠤ᠂ ᠰᠢᠨᠵᠢᠯᠡᠭᠡᠨ ᠤ ᠰᠠᠯᠠᠭ᠎ᠠ ᠶᠢᠨ ᠠᠵᠤ ᠦᠢᠯᠡᠰ ᠢ ᠵᠣᠯᠭᠠᠭᠤᠯᠬᠤ᠂ ᠠᠵᠤ ᠦᠢᠯᠡᠰ ᠢᠶᠠᠷ ᠰᠢᠨ᠎ᠡ ᠶᠢ ᠡᠭᠦᠳᠬᠦ ᠶᠢ ᠳᠠᠶᠢᠴᠢᠯᠠᠬᠤ᠂ ᠰᠢᠨ᠎ᠡ ᠶᠢ ᠡᠭᠦᠳᠬᠦ ᠪᠠᠷ ᠠᠵᠤ ᠦᠢᠯᠡᠰ ᠢ ᠠᠬᠢᠭᠤᠯᠬᠤ ᠰᠠᠶᠢᠨ ᠰᠠᠶᠢᠬᠠᠨ ᠲᠣᠭᠲᠠᠴᠠ ᠶᠢ ᠪᠦᠷᠢᠯᠳᠦᠭᠦᠯᠦᠨ᠎ᠡ᠃ ᠪᠦᠯᠬᠦᠮ ᠨᠡᠶᠢᠲᠡ ᠶᠢᠨ ᠲᠡᠷᠢᠭᠦᠨ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠭᠰᠢ᠂ ᠲᠤᠰᠬᠠᠢ ᠮᠡᠷᠭᠡᠵᠢᠯᠲᠡᠨ ᠲᠠᠷᠢᠶᠠᠨ ᠭᠠᠵᠠᠷ ᠲᠤ ᠲᠠᠷᠢᠶᠠᠴᠢᠨ ᠡᠷᠦᠬᠡ ᠳᠤ ᠲᠠᠷᠢᠬᠤ᠂ ᠦᠢᠯᠡᠳᠪᠦᠷᠢᠯᠡᠬᠦ᠂ ᠪᠣᠷᠣᠯᠠᠭᠤᠯᠬᠤ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠲᠠᠷᠢᠶᠠᠴᠢᠨ ᠡᠷᠦᠬᠡ ᠶᠢᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠵᠡᠢ︾ ᠭᠡᠵᠦ ᠰᠠᠶᠢᠬᠠᠨ ᠲᠣᠭᠤᠷᠢᠭ ᠤᠨ ᠱᠣ ᠹᠠᠨ ᠰᠢᠨ ᠲᠤᠰᠬᠠᠢ ᠲᠣᠮᠢᠯᠠᠭᠰᠠᠨ ᠪᠦᠯᠬᠦᠮ ᠤᠨ ᠬᠠᠷᠢᠭᠤᠴᠠᠯᠭᠠᠲᠠᠨ ᠯᠢᠦ ᠴᠢᠨ ᠵᠥᠩ ᠬᠡᠯᠡᠪᠡ᠃          ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶᠠᠯᠠᠩ ᠤᠨ ᠮᠡᠷᠭᠡᠵᠢᠯ ᠤᠨ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠲᠠᠩ ᠴᠤᠯᠭᠤᠢ᠂ ᠲᠠᠷᠢᠮᠠᠯ ᠤᠨ ᠬᠡᠪ ᠵᠠᠭᠪᠤᠷ ᠢ ᠲᠣᠭᠲᠠᠪᠤᠷᠢᠵᠢᠭᠤᠯᠬᠤ ᠵᠡᠷᠭᠡ ᠬᠥᠭᠵᠢᠯᠲᠡ ᠶᠢᠨ ᠪᠣᠭᠤᠮᠢ ᠶᠢᠨ ᠲᠣᠭᠤᠷᠢᠨ ᠳᠤ᠂ ᠲᠠᠷᠢᠶᠠᠴᠢᠨ ᠡᠷᠦᠬᠡ ᠳᠤ ᠠᠷᠭ᠎ᠠ ᠪᠤᠳᠤᠵᠤ ᠥᠭᠴᠦ᠂ ᠰᠢᠨ᠎ᠡ ᠲᠥᠷᠥᠯ ᠵᠦᠢᠯ᠂ ᠰᠢᠨ᠎ᠡ ᠰᠡᠳᠬᠢᠮᠵᠢ ᠶᠢ ᠲᠠᠰᠤᠷᠠᠯᠲᠠ ᠦᠭᠡᠢ ᠲᠠᠷᠢᠶᠠᠴᠢᠨ ᠡᠷᠦᠬᠡ ᠳᠤ ᠬᠦᠷᠭᠡᠬᠦ ᠬᠡᠷᠡᠭᠲᠡᠢ᠃ ᠲᠡᠷᠡ ᠬᠡᠯᠡᠬᠦ ᠳᠡᠭᠡᠨ᠂ ᠦᠢᠯᠡᠰ ᠴᠣᠭᠴᠠᠯᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯ ᠳᠠᠷᠤᠢ ᠲᠡᠭᠦᠨ ᠤ ᠦᠢᠯᠡᠰ ᠴᠣᠭᠴᠠᠯᠠᠨ ᠣᠷᠣᠯᠭ᠎ᠠ ᠪᠠᠨ ᠨᠡᠮᠡᠭᠳᠡᠭᠦᠯᠬᠦ ᠲᠠᠯ᠎ᠠ ᠶᠢᠨ︽ᠳᠠᠭᠠᠭᠤᠯᠤᠭᠴᠢ︾ ᠮᠥᠨ᠃ ︽ᠣᠨᠴᠠ ᠲᠣᠮᠢᠯᠠᠭᠳᠠᠭᠰᠠᠳ ᠪᠢᠳᠡᠨ ᠳᠤ ᠡᠨᠡ ᠵᠢᠯ ᠶᠠᠭᠤ ᠠᠷᠪᠢᠨ ᠪᠠᠶᠢᠬᠤ ᠶᠢ ᠤᠷᠢᠳᠴᠢᠯᠠᠨ ᠬᠡᠯᠡᠵᠦ ᠥᠭᠴᠦ᠂ ᠠᠯᠢ ᠲᠠᠯ᠎ᠠ ᠨᠢ ᠵᠠᠬ᠎ᠠ ᠳᠡᠯᠭᠡᠭᠦᠷ ᠤᠨ ᠬᠦᠷᠢᠶᠡᠯᠡᠯ ᠢ ᠬᠠᠮᠤᠭ ᠤᠨ ᠣᠯᠵᠤ᠂ ᠪᠠᠰᠠ ᠦᠷᠭᠦᠯᠵᠢ ᠪᠢᠳᠡᠨ ᠳᠤ ᠵᠢᠯᠣᠭᠤᠳᠤᠯᠭ᠎ᠠ ᠬᠢᠵᠦ ᠥᠭᠭᠦᠨ᠎ᠡ᠃ ᠡᠨᠡ ᠵᠢᠯ ᠤᠨ ᠡᠯᠪᠡᠭ ᠬᠤᠷᠢᠶᠠᠯᠲᠠ ᠳᠤ ᠠᠰᠠᠭᠤᠳᠠᠯ ᠦᠭᠡᠢ!︾  ᠭᠡᠵᠦ ᠬᠠᠨ ᠶᠦᠩ ᠬᠡ ᠬᠡᠯᠡᠪᠡ᠃            ᠣᠳᠣᠬᠠᠨ ᠳᠤ᠂ ᠰᠠᠶᠢᠬᠠᠨ ᠲᠣᠭᠤᠷᠢᠭ ᠲᠤ ᠨᠢᠭᠡᠨᠲᠡ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠪᠠ 4 ᠣᠶᠤᠨᠴᠢ ᠲᠠᠷᠢᠶᠠᠯᠠᠩ ᠤᠨ ᠣᠨᠴᠠ ᠲᠣᠮᠢᠯᠠᠭᠳᠠᠭᠰᠠᠳ ᠤᠨ ᠪᠦᠯᠬᠦᠮ ᠢ ᠵᠣᠬᠢᠶᠠᠨ ᠪᠠᠶᠢᠭᠤᠯᠪᠠ᠃ ᠡᠳᠡᠭᠡᠷ ᠪᠦᠯᠬᠦᠮ ᠦᠷ᠎ᠡ ᠪᠣᠶᠢᠵᠢᠭᠤᠯᠬᠤ᠂ ᠴᠢᠬᠢ ᠪᠣᠶᠢᠵᠢᠭᠤᠯᠬᠤ᠂ ᠰᠢᠨ᠎ᠡ ᠡᠭᠦᠯᠳᠡᠷ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠢᠴᠢ ᠣᠶᠤᠨᠴᠢ ᠲᠠᠷᠢᠶᠠᠯᠠᠩ ᠵᠡᠷᠭᠡ ᠣᠯᠠᠨ ᠬᠦᠷᠢᠶᠡᠨ ᠳᠤ ᠲᠠᠷᠢᠶᠠᠯᠠᠩ ᠤᠨ ᠦᠢᠯᠡᠳᠪᠦᠷᠢᠯᠡᠯ ᠳᠤ ᠲᠠᠰᠤᠷᠠᠯᠲᠠ ᠦᠭᠡᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠡᠨᠡ ᠵᠢᠯ᠂ ᠰᠠᠶᠢᠬᠠᠨ ᠲᠣᠭᠤᠷᠢᠭ ᠤᠨ ᠦᠢᠯᠡᠰ ᠪᠣᠰᠬᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠦᠷᠭᠦᠯᠵᠢᠯᠡᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠳᠡᠮᠵᠢᠬᠦ ᠪᠠᠷ ᠭᠤᠣᠯ ᠪᠣᠯᠭᠠᠵᠤ᠂ ᠦᠢᠯᠡᠴᠢᠯᠡᠭᠡ ᠪᠠ ᠵᠢᠯᠣᠭᠤᠳᠤᠯᠭ᠎ᠠ ᠥᠷᠨᠢᠭᠦᠯᠵᠦ᠂ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠠᠷᠢᠬᠤ ᠤᠬᠠᠮᠰᠠᠷ ᠢ ᠳᠡᠭᠡᠭᠰᠢᠯᠡᠭᠦᠯᠦᠨ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃          ᠰᠠᠶᠢᠬᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᡁᠢ ᠶᠦᠩ᠄ ︽ᠵᠠᠯᠭᠠᠭᠠᠳ ᠮᠠᠨ ᠤ ᠲᠥᠯᠥᠪᠯᠡᠭᠡ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠲᠠᠢ ᠨᠢᠭᠲᠠ ᠬᠠᠮᠲᠤᠷᠠᠯᠴᠠᠵᠤ᠂ ᠨᠢᠭᠡ ᠰᠠᠯᠠᠭ᠎ᠠ ᠪᠣᠳᠠᠲᠤ ᠬᠦᠴᠦᠨ ᠢᠶᠠᠷ ᠴᠢᠩᠭ᠎ᠠ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠢ ᠬᠠᠮᠲᠤᠪᠠᠷ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠴᠢᠨ ᠡᠷᠦᠬᠡ ᠳᠤ ᠠᠳᠠᠯ ᠦᠢᠯᠡᠰ ᠴᠣᠭᠴᠠᠯᠠᠬᠤ ᠴᠢᠨᠠᠷᠲᠠᠢ ᠬᠡᠪ ᠳᠠᠭᠤᠷᠢᠶᠠᠯ ᠢ ᠪᠣᠶ ᠪᠣᠯᠭᠠᠵᠤ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠠᠵᠢᠯ ᠣᠯᠭᠤᠯᠲᠠ ᠪᠠ ᠦᠢᠯᠡᠳᠪᠦᠷᠢᠯᠡᠯ ᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠬᠤ ᠪᠠ ᠳᠠᠶᠢᠴᠢᠯᠠᠵᠤ᠂ ᠰᠠᠶᠢᠬᠠᠨ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠬᠠᠮᠲᠤ ᠪᠠᠷ ᠠᠬᠢᠭᠤᠯᠬᠤ ᠪᠠᠷ ᠲᠥᠯᠥᠪᠯᠡᠵᠦ ᠪᠠᠶᠢᠨ᠎ᠠ︾ ᠭᠡᠵᠦ ᠢᠯᠡᠳᠬᠡᠪᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号