ᠢᠳᠡᠰᠢᠨ ᠨᠣᠭᠤᠭ᠎ᠠ ᠶᠢᠨ ᠦᠨ᠎ᠡ ᠪᠠᠭᠤᠷᠠᠵᠤ ᠪᠠᠶᠢᠨ᠎ᠠ
ᠨᠡᠶᠢᠲᠡᠯᠡᠭᠰᠡᠨ ᠴᠠᠭ᠄
2024/5/15
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢ ᠬᠢᠨᠠᠨ ᠬᠡᠮᠵᠢᠬᠦ ᠪᠠ ᠮᠠᠭᠠᠳᠯᠠᠨ ᠲᠣᠭᠲᠠᠭᠠᠬᠤ ᠲᠥᠪ ᠠᠴᠠ ᠣᠶᠢᠯᠠᠭᠠᠭᠰᠠᠨ ᠢᠶᠠᠷ᠂ 4 ᠰᠠᠷ᠎ᠠ ᠳᠤ᠂ ᠮᠠᠨ ᠤ ᠣᠷᠣᠨ ᠤ ᠢᠳᠡᠰᠢᠨ ᠨᠣᠭᠤᠭ᠎ᠠ ᠶᠢᠨ ᠦᠨ᠎ᠡ ᠤᠯᠠᠷᠢᠯ ᠤᠨ ᠴᠢᠨᠠᠷᠲᠠᠢ ᠪᠠᠷ ᠪᠠᠭᠤᠷᠠᠵᠠᠢ᠃
     4 ᠰᠠᠷ᠎ᠠ ᠳᠤ᠂ ᠪᠦᠭᠦ ᠣᠷᠣᠨ ᠤ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠬᠠᠩᠰᠢ ᠨᠢ 3.55 ᠲᠥᠭᠦᠷᠢᠭ / 500 ᠭᠷᠡᠮ ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 11.03% ᠪᠠᠭᠤᠷᠠᠪᠠ᠃ ᠪᠦᠭᠦ ᠣᠷᠣᠨ ᠤ ᠬᠢᠨᠠᠨ ᠬᠡᠮᠵᠢᠭᠰᠡᠨ 15 ᠵᠦᠢᠯ ᠤᠨ ᠢᠳᠡᠰᠢᠨ ᠨᠣᠭᠤᠭ᠎ᠠ ᠶᠢᠨ ᠦᠨ᠎ᠡ ᠳᠣᠲᠣᠷ᠎ᠠ 3  ᠨᠢ ᠥᠰᠴᠦ 11 ᠨᠢ ᠪᠠᠭᠤᠷᠠᠵᠤ 1 ᠨᠢ ᠬᠤᠪᠢᠷᠠᠯᠲᠠ ᠦᠭᠡᠢ ᠪᠠᠶᠢᠵᠤ᠂ ᠪᠠᠭᠤᠷᠠᠯᠲᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠵᠢᠭᠰᠠᠭᠠᠭᠳᠠᠭᠰᠠᠨ ᠭᠤᠭᠤᠳ᠂ ᠴᠢᠨᠵᠦᠦ᠂ ᠥᠷᠭᠡᠰᠦᠲᠦ ᠬᠡᠮᠬᠡ᠂ ᠬᠠᠰᠢ᠂ ᠰᠠᠷᠢᠮᠰᠠᠭ ᠤᠨ ᠬᠢᠨ᠎ᠡ ᠲᠣᠰ ᠲᠣᠰ 25.05%᠂ 21.59%᠂ 19.91%᠂ 13.65%᠂ 12.72% ᠢᠶᠠᠷ ᠪᠠᠭᠤᠷᠠᠪᠠ᠃ ᠨᠢᠳᠤᠨᠤᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ 15 ᠢᠳᠡᠰᠢᠨ ᠨᠣᠭᠤᠭ᠎ᠠ ᠶᠢᠨ ᠲᠥᠷᠥᠯ ᠵᠦᠢᠯ ᠤᠨ ᠶᠡᠷᠦᠩᠬᠡᠶᠢᠯᠡᠭᠰᠡᠨ ᠳᠤᠮᠳᠠᠴᠢ ᠦᠨ᠎ᠡ 1.72% ᠢᠶᠠᠷ ᠥᠰᠴᠡᠢ᠃
     ᠲᠤᠰᠬᠠᠢ ᠮᠡᠷᠭᠡᠵᠢᠯᠲᠡᠨ ᠤ ᠵᠠᠳᠠᠯᠤᠭᠰᠠᠨ ᠢᠶᠠᠷ᠂ 3 ᠰᠠᠷ᠎ᠠ ᠠᠴᠠ ᠨᠠᠭᠠᠰᠢ᠂ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠬᠤ ᠶᠢ ᠳᠠᠭᠠᠯᠳᠤᠨ ᠮᠠᠨ ᠤ ᠣᠷᠣᠨ ᠤ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠮᠵᠢᠶ᠎ᠡ ᠵᠢᠴᠢ ᠲᠥᠷᠥᠯ ᠵᠦᠢᠯ ᠢᠯᠡᠳᠲᠡ ᠨᠡᠮᠡᠭᠳᠡᠵᠦ᠂ ᠬᠦᠢᠲᠡᠨ ᠬᠦᠯᠡᠮᠵᠢ ᠶᠢᠨ ᠨᠣᠭᠤᠭ᠎ᠠ ᠪᠠ ᠲᠤᠬᠠᠢ ᠶᠢᠨ ᠭᠠᠵᠠᠷ ᠤᠨ ᠨᠣᠭᠤᠭ᠎ᠠ ᠣᠯᠠᠰᠢᠷᠠᠭᠰᠠᠨ ᠪᠥᠭᠡᠳ ᠢᠳᠡᠰᠢᠨ ᠨᠣᠭᠤᠭ᠎ᠠ ᠶᠢᠨ ᠲᠡᠭᠡᠭᠡᠪᠦᠷᠢ ᠵᠢᠴᠢ ᠰᠣᠷᠭᠤᠭ ᠪᠠᠶᠢᠯᠭᠠᠬᠤ ᠵᠠᠷᠤᠳᠠᠯ ᠲᠠᠰᠤᠷᠠᠯᠲᠠ ᠦᠭᠡᠢ ᠪᠠᠭᠤᠷᠠᠵᠤ᠂ ᠮᠠᠨ ᠤ ᠣᠷᠣᠨ ᠤ ᠬᠢᠨᠠᠨ ᠬᠡᠮᠵᠢᠭᠰᠡᠨ 15 ᠵᠦᠢᠯ ᠤᠨ ᠢᠳᠡᠰᠢᠨ ᠨᠣᠭᠤᠭ᠎ᠠ ᠶᠢᠨ ᠦᠨ᠎ᠡ ᠨᠡᠶᠢᠳᠡᠮ ᠳᠡᠭᠡᠨ ᠪᠠᠭᠤᠷᠠᠵᠤ᠂ ᠵᠢᠱᠢᠯᠲᠡ ᠪᠠᠷ ᠮᠠᠨ ᠤ ᠣᠷᠣᠨ ᠤ ᠢᠳᠡᠰᠢᠨ ᠨᠣᠭᠤᠭ᠎ᠠ ᠶᠢᠨ ᠦᠨ᠎ᠡ ᠮᠥᠨ ᠯᠡ ᠤᠯᠠᠷᠢᠯ ᠤᠨ ᠴᠢᠨᠠᠷᠲᠠᠢ ᠪᠠᠭᠤᠷᠠᠬᠤ ᠬᠠᠨᠳᠤᠰᠢ ᠲᠠᠢ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号