ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ
ᠨᠡᠶᠢᠲᠡᠯᠡᠭᠰᠡᠨ ᠴᠠᠭ᠄
2024/5/15
     5 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠵᠢᠷᠭᠢᠶ᠎ᠡ ᠶᠢᠨ ᠲᠠᠪᠴᠠᠩ ᠮᠡᠳᠡᠭᠡ ᠨᠡᠶᠢᠲᠡᠯᠡᠵᠦ᠂ ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ (ᠲᠤᠷᠰᠢᠨ ᠠᠵᠢᠯᠯᠠᠭᠤᠯᠬᠤ) ᠢ ᠥᠷᠨᠢᠭᠦᠯᠵᠦ᠂ ᠡᠪᠡᠳᠴᠢᠲᠡᠨ ᠤ ᠨᠢᠭᠡ ᠤᠳᠠᠭ᠎ᠠ ᠳᠤ ᠡᠪᠡᠳᠴᠢᠨ ᠦᠵᠡᠭᠦᠯᠭᠦ ᠳᠡᠭᠡᠨ ᠣᠯᠠᠨ ᠤᠳᠠᠭ᠎ᠠ ᠳ᠋ᠤᠭᠠᠷᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠤᠢ᠃      ᠨᠠᠷᠢᠨ ᠪᠠᠶᠢᠳᠠᠯ ᠢ ᠬᠠᠮᠲᠤ ᠪᠠᠷ ᠣᠶᠢᠯᠠᠭᠠᠵᠠᠭᠠᠶ᠎ᠠ᠃      1 . ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ      ᠬᠦᠴᠦᠨ ᠲᠠᠢ︾ ᠭᠡᠳᠡᠭ ᠨᠢ ᠪᠣᠳᠠᠲᠠᠢ ᠶᠠᠭᠤ ᠶᠢ ᠵᠢᠭᠠᠵᠤ ᠪᠠᠶᠢᠬᠤ ᠪᠤᠶ︖      ᠡᠪᠡᠳᠴᠢᠲᠡᠨ ᠡᠭᠦᠳᠡᠨ ᠡᠮᠨᠡᠯᠭᠡ ᠳᠤ ᠬᠦᠷᠴᠦ ᠡᠪᠡᠳᠴᠢᠨ ᠦᠵᠡᠭᠦᠯᠭᠦ ᠳᠤ᠂ ᠬᠡᠷᠪᠡ ᠰᠢᠯᠭᠠᠨ ᠪᠠᠶᠢᠴᠠᠭᠠᠯᠲᠠ ᠪᠤᠶᠤ ᠪᠠᠶᠢᠴᠠᠭᠠᠯᠲᠠ ᠨᠢ ᠲᠤᠬᠠᠢ ᠶᠢᠨ ᠡᠳᠦᠷ ᠬᠢᠵᠦ ᠳᠠᠭᠤᠰᠴᠤ ᠳᠡᠶᠢᠯᠭᠦ ᠦᠭᠡᠢ ᠪᠤᠶᠤ ᠮᠡᠳᠡᠭᠦᠯᠦᠯᠲᠡ ᠪᠠᠨ ᠲᠤᠬᠠᠢ ᠶᠢᠨ ᠡᠳᠦᠷ ᠣᠯᠵᠤ ᠳᠡᠶᠢᠯᠭᠦ ᠦᠭᠡᠢ ᠪᠣᠯ ᠭᠤᠷᠪᠠᠨ ᠡᠳᠦᠷ ᠤᠨ ᠳᠣᠲᠣᠷ᠎ᠠ (ᠠᠩᠬᠠᠨ ᠤ ᠣᠨᠣᠰᠢᠯᠠᠯᠲᠠ ᠶᠢᠨ ᠲᠤᠬᠠᠢ ᠶᠢᠨ ᠡᠳᠦᠷ ᠪᠠᠭᠲᠠᠨ᠎ᠠ) ᠮᠡᠳᠡᠭᠦᠯᠦᠯᠲᠡ ᠶᠢᠨ ᠦᠷ᠎ᠡ ᠳ᠋ᠦᠩ ᠢᠶᠠᠨ ᠠᠪᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠳᠠᠯᠢ ᠨᠢᠭᠡᠨ ᠰᠠᠯᠠᠭ᠎ᠠ ᠲᠠᠰᠤᠭ ᠲᠤ ᠬᠦᠷᠴᠦ ᠳᠠᠭᠢᠨ ᠣᠨᠣᠰᠢᠯᠠᠭᠤᠯᠵᠤ ᠪᠣᠯᠣᠨ᠎ᠠ᠂ ᠳᠠᠭᠢᠨ ᠣᠨᠣᠰᠢᠯᠠᠬᠤ ᠦᠶ᠎ᠡ ᠳᠤ ᠤᠤᠯ ᠤᠨ ᠰᠠᠯᠠᠭ᠎ᠠ ᠲᠠᠰᠤᠭ ᠤᠨ ᠵᠢᠵᠢᠭᠦᠷᠯᠡᠭᠴᠢ ᠡᠮᠴᠢ ᠬᠠᠷᠢᠭᠤᠴᠠᠨ ᠭᠥᠯᠢᠶᠡᠨ ᠠᠪᠴᠤ ᠣᠨᠣᠰᠢᠯᠠᠨ᠎ᠠ᠃ ᠳᠠᠬᠢᠨᠲᠠ ᠳ᠋ᠤᠭᠠᠷᠯᠠᠬᠤ ᠴᠢᠬᠤᠯᠠ ᠦᠭᠡᠢ᠃      2 . ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ      ᠬᠦᠴᠦᠨ ᠲᠠᠢ︾ ᠭᠡᠳᠡᠭ ᠨᠢ ᠠᠯᠢ ᠭᠤᠷᠪᠠᠨ ᠡᠳᠦᠷ ᠢ ᠵᠢᠭᠠᠵᠤ ᠪᠠᠶᠢᠬᠤ ᠪᠤᠢ︖      ᠡᠮᠨᠡᠭᠦᠯᠭᠦ ᠲᠤᠬᠠᠢ ᠶᠢᠨ ᠡᠳᠦᠷ ᠵᠢᠴᠢ ᠵᠠᠯᠭᠠᠭᠠᠳ ᠬᠤᠶᠠᠷ ᠡᠳᠦᠷ᠃ ᠵᠢᠱᠢᠶᠡᠯᠡᠪᠡᠯ᠄ ᠡᠪᠡᠳᠴᠢᠲᠡᠨ 5 ᠰᠠᠷ᠎ᠠ ᠶᠢᠨ 12 ᠤᠨ ᠡᠳᠦᠷ ᠠᠩᠬ᠎ᠠ ᠤᠳᠠᠭ᠎ᠠ ᠡᠮᠨᠡᠭᠦᠯᠦᠭᠰᠡᠨ ᠪᠠᠶᠢᠪᠠᠯ᠂ 5 ᠰᠠᠷ᠎ᠠ ᠶᠢᠨ 13 ᠤ ᠡᠳᠦᠷ ᠪᠤᠶᠤ 14 ᠤ ᠡᠳᠦᠷ ᠮᠡᠳᠡᠭᠦᠯᠦᠯᠲᠡ ᠪᠠᠨ ᠠᠪᠤᠭᠰᠠᠨ ᠤ ᠳᠠᠷᠠᠭ᠎ᠠ ᠳᠠᠭᠢᠨ ᠡᠮᠨᠡᠭᠦᠯᠵᠦ ᠪᠣᠯᠣᠨ᠎ᠠ᠃      3. ᠡᠭᠦᠳᠡᠨ ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ      ᠬᠦᠴᠦᠨ ᠲᠠᠢ︾ ᠶᠢᠨ ᠪᠣᠳᠠᠲᠠᠢ ᠶᠠᠪᠤᠴᠠ ᠨᠢ ᠶᠠᠮᠠᠷ ᠪᠤᠢ︖      ᠳᠠᠭᠢᠨ ᠡᠮᠴᠢᠯᠡᠭᠦᠯᠬᠦ ᠡᠪᠡᠳᠴᠢᠲᠡᠨ ᠠᠩᠬᠠᠨ ᠤ ᠣᠨᠣᠰᠢᠯᠠᠯᠲᠠ ᠶᠢᠨ ᠳ᠋ᠤᠭᠠᠷᠯᠠᠬᠤ ᠬᠠᠭᠤᠳᠠᠰᠤ ᠪᠠᠷ ᠢᠶᠠᠨ ᠡᠭᠦᠳᠡᠨ ᠡᠮᠨᠡᠯᠭᠡ ᠶᠢᠨ ᠡᠯ᠎ᠡ ᠳᠠᠪᠬᠤᠷᠯᠢᠭ ᠤᠨ ᠰᠦᠢᠳᠬᠡᠯ ᠲᠤᠰᠢᠶᠠᠬᠤ ᠴᠣᠩᠬᠤᠨ ᠳᠤ ᠬᠦᠷᠴᠦ ᠮᠡᠳᠡᠭᠡ ᠵᠠᠩᠭᠢ ᠪᠠᠨ ᠪᠢᠴᠢᠵᠦ ᠣᠷᠣᠭᠤᠯᠤᠭᠰᠠᠨ ᠤ ᠳᠠᠷᠠᠭ᠎ᠠ ᠰᠢᠭᠤᠳ ᠤᠤᠯ ᠤᠨ ᠡᠮᠨᠡᠭᠦᠯᠭᠦ ᠰᠠᠯᠠᠭ᠎ᠠ ᠲᠠᠰᠤᠭ ᠤᠨ ᠡᠮᠨᠡᠭᠦᠯᠭᠦ ᠲᠣᠭᠤᠷᠢᠭ ᠲᠤ ᠬᠦᠷᠴᠦ ᠭᠠᠷ ᠤᠨ ᠥᠰᠥᠭ ᠵᠢᠷᠤᠭᠤᠯᠤᠨ ᠮᠥᠷᠯᠡᠵᠦ᠂ ᠡᠮᠨᠡᠭᠦᠯᠭᠦ ᠪᠠᠷ ᠬᠦᠯᠢᠶᠡᠬᠦ ᠲᠣᠭᠤᠷᠢᠭ ᠲᠤ ᠬᠦᠷᠴᠦ ᠳᠡᠰ ᠳᠠᠷᠠᠭᠠᠯᠠᠯ ᠢᠶᠠᠷ ᠡᠮᠨᠡᠭᠦᠯᠵᠦ ᠪᠣᠯᠣᠨ᠎ᠠ᠃ ᠠᠩᠬ᠎ᠠ ᠤᠳᠠᠭ᠎ᠠ ᠡᠮᠨᠡᠯᠭᠡ ᠳᠤ ᠬᠦᠷᠴᠦ ᠳᠠᠭᠢᠨ ᠡᠮᠨᠡᠭᠦᠯᠭᠦ ᠡᠪᠡᠳᠴᠢᠲᠡᠨ ᠡᠭᠦᠳᠡᠨ ᠡᠮᠨᠡᠯᠭᠡ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠲᠥᠪ ᠲᠤ ᠬᠦᠷᠴᠦ ᠠᠰᠠᠭᠤᠨ ᠯᠠᠪᠯᠠᠵᠤ ᠪᠣᠯᠣᠨ᠎ᠠ᠃      4. ᠭᠤᠷᠪᠠᠨ ᠡᠳᠦᠷ ᠤᠨ ᠳᠣᠲᠣᠷ᠎ᠠ ᠳᠠᠭᠢᠨ ᠡᠮᠨᠡᠭᠦᠯᠭᠦ ᠳᠤ᠂      ᠤᠤᠯ ᠤᠨ ᠡᠮᠴᠢ ᠶᠢ ᠡᠷᠢᠵᠦ ᠡᠮᠨᠡᠭᠦᠯᠭᠦ ᠴᠢᠬᠤᠯᠠᠲᠠᠢ ᠦᠦ︖      ᠳᠠᠭᠢᠨ ᠡᠮᠨᠡᠭᠦᠯᠭᠦ ᠦᠶ᠎ᠡ ᠳᠤ ᠤᠤᠯ ᠤᠨ ᠰᠠᠯᠠᠭ᠎ᠠ ᠲᠠᠰᠤᠭ ᠤᠨ ᠵᠢᠵᠢᠭᠦᠷᠯᠡᠭᠴᠢ ᠡᠮᠴᠢ ᠬᠠᠷᠢᠭᠤᠴᠠᠨ ᠣᠨᠣᠰᠢᠯᠠᠵᠤ᠂ ᠤᠤᠯ ᠤᠨ ᠭᠥᠯᠢᠶᠡᠨ ᠠᠪᠤᠭᠰᠠᠨ ᠡᠮᠴᠢ ᠶᠢ ᠡᠷᠢᠵᠦ ᠡᠮᠨᠡᠭᠦᠯᠭᠦ ᠴᠢᠬᠤᠯᠠ ᠦᠭᠡᠢ᠃      5. ᠳᠠᠭᠢᠨ ᠡᠮᠨᠡᠭᠦᠯᠭᠦ ᠦᠶ᠎ᠡ ᠳᠤ ᠪᠤᠰᠤᠳ ᠲᠤᠰᠬᠠᠢ ᠮᠡᠷᠭᠡᠵᠢᠯ ᠤᠨ ᠡᠪᠡᠳᠴᠢᠨ ᠳᠤ      ᠨᠡᠷᠪᠡᠭᠳᠡᠭᠰᠡᠨ ᠢ ᠣᠯᠵᠤ ᠮᠡᠳᠡᠪᠡᠯ᠂ ᠠᠰᠲᠠᠭᠠᠨ ᠳ᠋ᠤᠭᠠᠷᠯᠠᠵᠤ ᠡᠮᠨᠡᠭᠦᠯᠭᠦ ᠴᠢᠬᠤᠯᠠᠲᠠᠢ ᠦᠦ︖      ᠡᠪᠡᠳᠴᠢᠲᠡᠨ ᠳᠠᠭᠢᠨ ᠡᠮᠨᠡᠭᠦᠯᠭᠦ ᠦᠶ᠎ᠡ ᠳᠤ᠂ ᠪᠤᠰᠤᠳ ᠰᠠᠯᠠᠭ᠎ᠠ ᠮᠥᠴᠢᠷ ᠲᠤ ᠬᠦᠷᠴᠦ ᠡᠮᠨᠡᠭᠦᠯᠭᠦ ᠴᠢᠬᠤᠯᠠᠲᠠᠢ ᠪᠣᠯ ᠳᠠᠭᠢᠨ ᠳ᠋ᠤᠭᠠᠷᠯᠠᠬᠤ ᠬᠡᠷᠡᠭᠲᠡᠢ᠃      6 . ᠨᠢᠭᠡᠳᠦᠭᠡᠷ ᠤᠳᠠᠭᠠᠨ ᠤ ᠡᠮᠴᠢᠯᠡᠭᠡ ᠨᠢᠭᠡᠨᠲᠡ ᠳᠠᠭᠤᠰᠪᠠ᠂ ᠭᠤᠷᠪᠠᠨ ᠡᠳᠦᠷ ᠤᠨ      ᠳᠣᠲᠣᠷ᠎ᠠ ᠦᠷᠭᠦᠯᠵᠢᠯᠡᠨ ᠡᠮᠨᠡᠭᠦᠯᠭᠦ ᠴᠢᠬᠤᠯᠠᠲᠠᠢ ᠪᠣᠯ ᠪᠠᠰᠠ ᠳ᠋ᠤᠭᠠᠷᠯᠠᠬᠤ ᠴᠢᠬᠤᠯᠠᠲᠠᠢ ᠤᠤ︖      ᠬᠡᠷᠪᠡ ᠨᠢᠭᠡᠳᠦᠭᠡᠷ ᠤᠳᠠᠭᠠᠨ ᠤ ᠡᠮᠴᠢᠯᠡᠭᠡ ᠨᠢᠭᠡᠨᠲᠡ ᠳᠠᠭᠤᠰᠤᠭᠠᠳ ᠳᠠᠭᠢᠨ ᠦᠷᠭᠦᠯᠵᠢᠯᠡᠨ ᠡᠮᠴᠢᠯᠡᠭᠦᠯᠬᠦ ᠴᠢᠬᠤᠯᠠᠲᠠᠢ ᠪᠣᠯ ᠳᠠᠭᠢᠨ ᠳ᠋ᠤᠭᠠᠷᠯᠠᠬᠤ ᠬᠡᠷᠡᠭᠲᠡᠢ᠃      7 . ᠠᠯᠢᠪᠠ ᠡᠭᠦᠳᠡᠨ ᠡᠮᠨᠡᠯᠭᠡ ᠶᠢᠨ ᠰᠠᠯᠠᠭ᠎ᠠ ᠲᠠᠰᠤᠭ ᠤᠨ ᠬᠢᠨ ᠴᠥᠮ      ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠤᠤ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠤᠶ ᠪᠦᠬᠦᠢ ᠡᠭᠦᠳᠡᠨ ᠡᠮᠨᠡᠯᠭᠡ ᠶᠢᠨ ᠡᠮᠨᠡᠭᠦᠯᠭᠦ ᠰᠠᠯᠠᠭ᠎ᠠ ᠲᠠᠰᠤᠭ ᠲᠤ ᠲᠣᠬᠢᠷᠠᠨ᠎ᠠ᠂ ᠰᠢᠯᠭᠠᠨ ᠪᠠᠶᠢᠴᠠᠭᠠᠯᠲᠠ᠂ ᠪᠠᠶᠢᠴᠠᠭᠠᠯᠲᠠ ᠨᠢ ᠲᠤᠰ ᠡᠳᠦᠷ ᠬᠢᠵᠦ ᠪᠠᠷᠠᠬᠤ ᠦᠭᠡᠢ ᠪᠤᠶᠤ ᠮᠡᠳᠡᠭᠦᠯᠦᠯᠲᠡ ᠶᠢ ᠲᠤᠰ ᠡᠳᠦᠷ   ᠨᠢ ᠣᠯᠵᠤ ᠳᠡᠶᠢᠯᠭᠦ ᠦᠭᠡᠢ ᠳᠠᠭᠢᠨ ᠡᠮᠨᠡᠭᠦᠯᠭᠦ ᠴᠢᠬᠤᠯᠠᠲᠠᠢ ᠡᠪᠡᠳᠴᠢᠲᠡᠨ ᠳᠤ ᠲᠣᠬᠢᠷᠠᠨ᠎ᠠ᠃ ᠰᠠᠯᠠᠭ᠎ᠠ ᠲᠠᠰᠤᠭ ᠠᠯᠤᠰᠯᠠᠭᠰᠠᠨ ᠡᠭᠦᠳᠡᠨ ᠡᠮᠨᠡᠯᠭᠡ᠂ ᠲᠤᠰᠬᠠᠢ ᠡᠪᠡᠳᠴᠢᠨ ᠠᠯᠤᠰᠯᠠᠭᠰᠠᠨ ᠡᠭᠦᠳᠡᠨ ᠡᠮᠨᠡᠯᠭᠡ᠂ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠨ ᠣᠨᠣᠰᠢᠯᠠᠨ ᠡᠮᠨᠡᠬᠦ ᠡᠭᠦᠳᠡᠨ ᠡᠮᠨᠡᠯᠭᠡ᠂ ᠣᠨᠴᠠ ᠬᠡᠷᠡᠭᠴᠡᠭᠡᠲᠦ ᠡᠭᠦᠳᠡᠨ ᠡᠮᠨᠡᠯᠭᠡ ᠵᠢᠴᠢ ᠲᠦᠷᠭᠡᠨ ᠡᠮᠴᠢᠯᠡᠭᠡ ᠵᠡᠷᠭᠡ ᠶᠢ ᠪᠠᠭᠲᠠᠭᠠᠬᠤ ᠦᠭᠡᠢ᠃      8. ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠤᠨ ᠡᠳᠦᠷ ᠨᠢ      ︽ᠭᠤᠷᠪᠠᠨ ᠡᠳᠦᠷ︾ ᠤᠨ ᠬᠤᠭᠤᠴᠠᠭᠠᠨ ᠳᠤ  ᠪᠠᠭᠲᠠᠨ᠎ᠠ ᠤᠤ︖      ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠬᠡᠪ ᠤᠨ ᠪᠠᠶᠢᠳᠠᠯ ᠢᠶᠠᠷ ᠣᠨᠣᠰᠢᠯᠠᠬᠤ ᠤᠴᠢᠷ ᠠᠴᠠ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠶᠣᠰᠣᠭᠠᠷ ᠳᠠᠭᠢᠨ ᠣᠨᠣᠰᠢᠯᠠᠭᠤᠯᠤᠨ᠎ᠠ;ᠭᠡᠷᠪᠡ ᠡᠮᠴᠢᠯᠡᠭᠡ ᠨᠡᠭᠡᠭᠡᠭᠰᠡᠨ ᠦᠭᠡᠢ ᠰᠠᠯᠠᠭ᠎ᠠ ᠲᠠᠰᠤᠭ ᠲᠣᠬᠢᠶᠠᠯᠳᠤᠪᠠᠯ᠂ ᠴᠠᠭ ᠢᠶᠠᠨ ᠬᠤᠶᠢᠰᠢᠯᠠᠭᠤᠯᠤᠨ᠎ᠠ᠃ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠮᠴᠢᠯᠡᠬᠦ ᠴᠠᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠵᠢᠷᠭᠢᠶ᠎ᠡ ᠶᠢᠨ ᠲᠠᠪᠴᠠᠩ ᠠᠴᠠ ᠪᠠᠶᠢᠴᠠᠭᠠᠨ ᠯᠠᠪᠯᠠᠵᠤ ᠪᠣᠯᠣᠨ᠎ᠠ᠃      ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ      ᠠᠷᠠᠳ ᠤᠨ ᠡᠮᠨᠡᠯᠭᠡ ᠶᠢᠨ ᠬᠤᠷᠢᠶ᠎ᠠ ᠶᠢᠨ ᠵᠢᠷᠭᠢᠶ᠎ᠡ ᠶᠢᠨ ᠲᠠᠪᠴᠠᠩ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号