ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠧᠩ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/16
      5 ᠰᠠᠷ᠎ᠠ ᠶᠢᠨ 13 ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠧᠩ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠰᠠᠶᠢᠬᠠᠨ ᠲᠣᠭᠤᠷᠢᠭ ᠤᠨ ᠱᠠᠪᠠᠭ᠋ᠠᠢ ᠲᠣᠰᠬᠤᠨ ᠳᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠠᠮᠢᠶ᠎ᠠ ᠪᠦᠬᠦᠢ ᠭᠠᠵᠠᠷ ᠣᠷᠣᠨ ᠪᠣᠯᠣᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
         ᠣᠶᠢᠯᠠᠭᠠᠭᠰᠠᠨ ᠢᠶᠠᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠧᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠤᠪᠢᠶᠠᠷᠢ ᠺᠣᠮᠫᠠᠨᠢ ᠮᠥᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠶᠢᠨ ᠾᠧ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠯᠭᠠᠰᠤ ᠲᠣᠰᠬᠤᠨ ᠢ ᠳᠠᠶᠢᠴᠢᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠬᠠᠶᠢᠨ ᠰᠦᠪᠡᠭᠴᠢᠯᠡᠭᠰᠡᠨ ᠪᠥᠭᠡᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠡᠯ᠎ᠡ ᠲᠥᠷᠥᠯ ᠤᠨ ᠰᠤᠯᠠ ᠪᠠᠶᠢᠭ᠎ᠠ ᠡᠳ᠋ ᠬᠥᠷᠥᠩᠭᠡ ᠡᠬᠢ ᠪᠠᠶᠠᠯᠢᠭ ᠢ ᠠᠮᠢᠳᠤᠯᠢᠭᠵᠢᠭᠤᠯᠬᠤ᠂ ᠪᠠᠯᠭᠠᠰᠤ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠ ᠠᠴᠢᠶᠠᠯᠠᠪᠤᠷᠢ ᠮᠥᠨ᠃ ᠺᠣᠮᠫᠠᠨᠢ ᠶᠢᠨ ᠡᠭᠦᠳᠦᠨ ᠪᠠᠶᠢᠭᠤᠯᠤᠭᠰᠠᠨ ᠤᠭ ᠰᠠᠨᠠᠭ᠎ᠠ ᠪᠣᠯ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠠᠨ ᠲᠦᠮᠡᠨ ᠤ ᠲᠥᠷᠥᠭᠳᠡᠯ ᠲᠠᠢ ᠪᠣᠳᠠᠲᠠᠢ ᠶᠠᠪᠤᠳᠠᠯ᠂ ᠰᠠᠶᠢᠨ ᠶᠠᠪᠤᠳᠠᠯ ᠢ ᠰᠠᠶᠢᠲᠤᠷ ᠬᠢᠬᠦ ᠶᠠᠪᠤᠳᠠᠯ ᠪᠣᠯᠣᠨ᠎ᠠ᠃            ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠧᠩ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠫᠠᠶᠢᠰᠠ ᠡᠯᠭᠦᠭᠰᠡᠨ ᠨᠢ ᠰᠠᠶᠢᠬᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠳᠤᠮᠳᠠ ᠰᠢᠨ᠎ᠡ ᠠᠶᠠᠨ ᠳᠠᠭᠠᠨ ᠭᠠᠷᠤᠭᠰᠠᠨ ᠢ ᠬᠠᠷᠠᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠺᠣᠮᠫᠠᠨᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠡᠨᠡᠬᠦ ᠴᠢᠬᠤᠯᠠ ᠡᠭᠦᠷᠭᠡ ᠶᠢᠨ ᠲᠣᠭᠤᠷᠢᠨ ᠳᠤ᠂ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠᠯᠭᠠᠰᠤ ᠶᠢᠨ ᠵᠠᠰᠠᠭ ᠤᠨ ᠣᠷᠳᠣᠨ ᠤ ᠲᠣᠰᠬᠤᠨ ᠤ ᠬᠠᠮᠲᠤ︾ ᠭᠤᠷᠪᠠ ᠶᠢ ᠨᠢᠭᠡ ᠴᠣᠭᠴᠠᠵᠢᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠰᠤᠯᠠ ᠪᠠᠶᠢᠭ᠎ᠠ ᠡᠳ᠋ ᠬᠥᠷᠥᠩᠭᠡ ᠡᠬᠢ ᠪᠠᠶᠠᠯᠢᠭ ᠤᠨ ᠳᠠᠪᠠᠭᠤᠯᠢᠭ ᠢ ᠥᠷᠢᠰᠦᠯᠳᠦᠬᠦ ᠬᠦᠴᠦᠨ ᠲᠠᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠪᠠᠯᠭᠠᠰᠤ ᠲᠣᠰᠬᠤᠨ ᠤ ᠰᠤᠯᠠ ᠪᠠᠶᠢᠭ᠎ᠠ ᠭᠠᠵᠠᠷ ᠰᠢᠷᠣᠢ᠂ ᠦᠢᠯᠡᠳᠪᠦᠷᠢ ᠶᠢᠨ ᠲᠠᠰᠤᠭ ᠤᠨ ᠡᠬᠢ ᠪᠠᠶᠠᠯᠢᠭ ᠢ ᠠᠮᠢᠯᠠᠭᠤᠯᠵᠤ᠂ ᠨᠡᠩ ᠤᠯᠠᠨ ᠠᠵᠤ ᠠᠬᠤᠶᠢᠯᠠᠯ ᠪᠣᠯᠣᠨ ᠲᠦᠷᠦᠯ ᠵᠦᠢᠯ ᠢ ᠰᠠᠶᠢᠬᠠᠨ ᠲᠣᠭᠤᠷᠢᠭ ᠲᠤ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠶᠢᠨ ᠬᠠᠮᠲᠤ ᠡᠯ᠎ᠡ ᠲᠦᠷᠦᠯ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠦᠷᠦᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃             ᠢᠷᠡᠯᠲᠡ᠄  ᠰᠠᠶᠢᠬᠠᠨ  ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号