| | ᠵᠣᠴᠢᠨ᠄ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠠᠨ ᠶᠢᠨ ᠯᠦᠩ | | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | | | ᠲᠠᠨ ᠶᠢᠨ ᠯᠦᠩ᠄ | ᠥᠷᠯᠥᠭᠡ ᠶᠢᠨ ᠮᠡᠨᠳᠦ ᠬᠦᠷᠭᠡᠶ᠎ᠡ︕ ︽ᠰᠣᠷᠪᠤᠯᠵᠢᠯᠠᠭ᠎ᠠ︾ ᠨᠡᠪᠲᠡᠷᠡᠭᠦᠯᠭᠡ ᠳᠤ ᠣᠷᠣᠯᠴᠠᠵᠤ᠂ ᠣᠯᠠᠨ ᠲᠠᠢ | ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠵᠠᠷᠢᠮ ᠪᠠᠶᠢᠳᠠᠯ ᠢ ᠰᠣᠯᠢᠯᠴᠠᠬᠤ | ᠪᠣᠯᠤᠭᠰᠠᠨ ᠳᠠᠭᠠᠨ ᠶᠡᠭᠡ ᠪᠠᠶᠠᠷ ᠲᠠᠢ ᠪᠠᠶᠢᠨ᠎ᠠ᠃ ᠡᠨᠡᠬᠦ ᠵᠠᠪᠰᠢᠶᠠᠨ ᠢᠶᠠᠷ᠂ ᠮᠠᠨ ᠤ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠦᠢᠯᠡᠰ ᠤᠨ ᠬᠥᠭᠵᠢᠯᠲᠡ ᠶᠢ ᠠᠩᠬᠠᠷᠴᠤ ᠳᠡᠮᠵᠢᠭᠰᠡᠭᠡᠷ ᠢᠷᠡᠭᠰᠡᠨ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ ᠡᠭᠦᠨ ᠤ ᠬᠠᠮᠲᠤ ᠪᠢᠳᠠᠨ ᠤ ᠠᠵᠢᠯ ᠳᠤ ᠡᠷᠬᠢᠮ ᠨᠠᠨᠳᠢᠨ ᠰᠠᠨᠠᠯ | ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠶ᠎ᠠ᠃ | | | ᠬᠥᠲᠥᠯᠥᠭᠴᠢ᠄ | ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠣᠯᠭᠠᠨ ᠪᠦᠲᠦᠭᠡᠨ | ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢᠨ ᠨᠢᠭᠡ ᠪᠣᠯᠣᠨ᠎ᠠ᠃ ᠨᠢᠳᠤᠨᠤᠨ᠂ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠰᠢᠨᠵᠢᠯᠡᠨ | ᠪᠠᠶᠢᠴᠠᠭᠠᠬᠤ ᠳᠠᠭᠠᠨ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ | ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠭᠠᠳᠠᠭᠰᠢ | ᠨᠡᠭᠡᠭᠡᠯᠲᠡ ᠬᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤᠮᠳᠠ ᠨᠡᠩ ᠶᠡᠭᠡ | ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠳᠤᠷᠠᠳᠪᠠ᠃ ᠮᠠᠨ ᠤ ᠬᠤᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠠᠶᠢᠭᠤᠯᠬᠤ ᠳᠤᠮᠳᠠ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠢ ᠲᠠᠨᠢᠯᠴᠠᠭᠤᠯᠵᠤ ᠥᠭᠭᠦᠨ᠎ᠡ ᠤᠤ | | | | ᠲᠠᠨ ᠶᠢᠨ ᠯᠦᠩ᠄ | 2023 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ | ᠪᠠᠶᠢᠭᠤᠯᠬᠤ ᠬᠡᠷᠡᠭᠵᠢᠭᠦᠯᠬᠦ ᠠᠷᠭ᠎ᠠ︾ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠬᠥᠭᠵᠢᠯᠲᠡ ᠶᠢᠨ | ᠪᠣᠳᠠᠲᠠᠢ ᠪᠠᠶᠢᠳᠠᠯ ᠳᠤ ᠰᠠᠭᠤᠷᠢᠯᠠᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠪᠡ᠃ | ᠨᠢᠭᠡ ᠳᠤ᠂ ᠪᠣᠭᠤᠮᠲᠠ ᠶᠢᠨ ᠴᠢᠳᠠᠪᠤᠷᠢ ᠶᠢ ᠰᠢᠯᠢᠳᠡᠭᠵᠢᠭᠦᠯᠪᠡ᠃ ︽ᠬᠥᠬᠡᠬᠤᠲᠠ ᠶᠢᠨ ᠪᠣᠭᠤᠮᠲᠠ ᠶᠢᠨ | ᠬᠥᠭᠵᠢᠯᠲᠡ ᠶᠢᠨ ᠲᠥᠯᠦᠪᠵᠢᠭᠦᠯᠭᠡ︾ ᠶᠢ ᠲᠣᠭᠲᠠᠭᠠᠵᠤ᠂ ︽2 + 3 + N︾ ᠪᠣᠭᠤᠮᠲᠠ ᠶᠢᠨ ᠬᠥᠭᠵᠢᠯᠲᠡ ᠶᠢᠨ | ᠪᠠᠶᠢᠷᠢᠰᠢᠯ ᠢ ᠲᠣᠭᠲᠠᠭᠠᠪᠠ᠃ ᠰᠢᠨ᠎ᠡ ᠨᠢᠰᠬᠡᠯ ᠤᠨ ᠪᠠᠭᠤᠳᠠᠯ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠠᠭᠠᠷ ᠤᠨ ᠠᠶᠠᠯᠠᠯ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠣᠯᠬᠤᠶᠢᠴᠠ ᠴᠢᠨᠠᠷ ᠢ ᠰᠤᠳᠤᠯᠬᠤ ᠠᠵᠢᠯ ᠢ ᠡᠬᠢᠯᠡᠭᠦᠯᠪᠡ᠃ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠳᠤ ᠬᠢᠯᠢ ᠪᠠᠷ | ᠣᠷᠣᠬᠤ ᠬᠥᠯᠳᠡᠭᠦᠦ ᠰᠣᠷᠭᠤᠭ ᠤᠰᠤᠨ ᠭᠠᠷᠤᠯᠲᠠ ᠶᠢᠨ ᠪᠦᠲᠦᠭᠡᠭᠳᠡᠬᠦᠨ ᠢ ᠬᠢᠨᠠᠨ ᠬᠠᠮᠢᠶᠠᠷᠬᠤ ᠲᠣᠭᠲᠠᠭᠰᠠᠨ | ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠪᠠ᠃ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ | ᠪᠠᠭᠤᠳᠠᠯ ᠤᠨ ᠣᠯᠠᠨ ᠤᠯᠤᠰ ᠤᠨ ᠠᠭᠠᠷ ᠤᠨ ᠱᠤᠭᠤᠮ ᠨᠡᠮᠡᠬᠦ ︵ᠰᠡᠷᠭᠦᠭᠡᠬᠦ︶ ᠶᠢ ᠳᠡᠮᠵᠢᠵᠦ᠂ ᠬᠥᠬᠡᠬᠤᠲᠠ - | ᠤᠯᠠᠭᠠᠨᠪᠠᠭᠠᠲᠤᠷ - ᠢᠰᠲ᠋ᠠᠨᠪᠦ᠋ᠯ ᠤᠨ ᠬᠤᠭᠤᠷᠣᠨᠳᠤᠬᠢ ᠣᠯᠠᠨ ᠤᠯᠤᠰ ᠤᠨ ᠪᠠᠷᠠᠭᠠᠨ ᠤ ᠳᠠᠭᠠᠭᠠᠴᠢᠯᠠᠭᠰᠠᠨ | ᠨᠢᠰᠬᠡᠯ ᠤᠨ ᠠᠶᠠᠯᠠᠯ ᠤᠨ ᠱᠤᠭᠤᠮ ᠢ ᠠᠩᠬ᠎ᠠ ᠨᠡᠪᠲᠡᠷᠡᠭᠦᠯᠦᠭᠰᠡᠨ ᠪᠥᠭᠡᠳ ᠡᠬᠢᠯᠡᠨ ᠨᠢᠰᠴᠦ᠂ ᠠᠭᠠᠷ ᠤᠨ ᠭᠠᠷᠠᠮ ᠤᠨ | ᠬᠦᠢᠰᠦ ᠶᠢᠨ ᠦᠢᠯᠡᠳᠦᠯ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠬᠥᠬᠡᠬᠤᠲᠠ ᠶᠢᠨ ᠣᠯᠠᠨ ᠤᠯᠤᠰ ᠤᠨ ᠬᠠᠭᠤᠷᠠᠢ | ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠭᠡ ᠲᠡᠮᠳᠡᠭ ᠤᠨ ᠴᠢᠨᠠᠷ ᠲᠠᠢ ᠠᠴᠢ | ᠬᠤᠯᠪᠣᠭᠳᠠᠯ ᠲᠠᠢ ᠬᠥᠬᠡᠬᠤᠲᠠ ᠶᠢᠨ ᠣᠯᠠᠨ ᠤᠯᠤᠰ ᠤᠨ ᠬᠠᠭᠤᠷᠠᠢ ᠭᠠᠷᠠᠮ ᠡᠯᠡᠰᠦᠨ ᠳᠠᠪᠠᠭ᠎ᠠ ᠪᠠ ᠲᠢᠶᠧ ᠲᠦᠩ | ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠯᠠᠪᠤᠷ ᠢ ᠵᠢᠩᠬᠢᠨᠢ ᠪᠠᠷ ᠠᠵᠢᠯᠯᠠᠭᠤᠯᠵᠤ᠂ ᠲᠣᠰ | ᠭᠠᠵᠠᠷ ᠤᠨ ᠦᠢᠯᠡᠳᠬᠦᠨ ᠢᠶᠠᠨ ᠵᠠᠬᠢᠶᠠᠯᠠᠨ ᠲᠣᠭᠲᠠᠭᠠᠭᠰᠠᠨ ᠠᠩᠬᠠᠨ ᠤ ᠵᠢᠰᠢᠶᠠᠨ ᠤ ᠭᠠᠯᠲᠤ ᠲᠡᠷᠭᠡ ᠶᠢ | ᠨᠠᠪᠲᠠᠷᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠤᠴᠠᠬᠤ ᠵᠠᠮ ᠢ ᠨᠡᠪᠲᠡᠷᠡᠭᠦᠯᠦᠨ᠂ | 2023 ᠣᠨ ᠳᠤ ᠪᠥᠬᠦ ᠵᠢᠯ ᠳᠤ ᠵᠢᠰᠢᠶᠠᠨ ᠤ ᠭᠠᠯᠲᠤ ᠲᠡᠷᠭᠡ 50 ᠤᠳᠠᠭ᠎ᠠ ᠢᠷᠡᠵᠤ ᠶᠠᠪᠤᠨ᠂ ᠲᠤᠭ᠎ᠠ ᠬᠡᠮᠵᠢᠶ᠎ᠡ | ᠨᠢ ᠳᠠᠬᠢᠨ ᠢᠶᠠᠷ ᠨᠡᠮᠡᠭᠳᠡᠪᠡ᠃ | ᠬᠤᠶᠠᠷ ᠲᠤ᠂ ᠭᠠᠳᠠᠭᠠᠳᠤ ᠠᠷᠠᠯᠵᠢᠶ᠎ᠠ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠪᠠ᠃ ᠬᠤᠰᠢᠭᠤ | ᠰᠢᠶᠠᠨ ᠲᠣᠭᠤᠷᠢᠭ ᠤᠨ ᠭᠠᠳᠠᠭᠠᠳᠤ ᠠᠷᠠᠯᠵᠢᠶ᠎ᠠ ᠶᠢᠨ ᠳᠠᠭᠠᠭᠠᠵᠤ ᠪᠠᠲᠤᠯᠠᠬᠤ ᠦᠢᠯᠡᠴᠢᠯᠡᠭᠡᠨ ᠤ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠵᠢᠯ ᠳᠤ ᠪᠣᠳᠠᠲᠠᠢ ᠦᠷ᠎ᠡ ᠠᠰᠢᠭ ᠲᠠᠢ ᠭᠠᠳᠠᠭᠠᠳᠤ | ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ 100 ᠭᠠᠷᠤᠢ ᠨᠡᠮᠡᠭᠳᠡᠵᠦ᠂ ᠠᠳᠠᠯᠢ ᠬᠤᠭᠤᠴᠠᠭᠠᠨ ᠤ | ᠬᠢ ᠠᠴᠠ 30% ᠪᠠᠷ ᠨᠡᠮᠡᠭᠳᠡᠪᠡ᠃ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ | ᠲᠤᠷᠰᠢᠯᠲᠠ ᠶᠢᠨ ᠴᠢᠭ ᠪᠣᠯᠬᠤ ᠬᠤᠲᠠ ᠳᠤ ᠲᠦᠰᠢᠭᠯᠡᠨ᠂ ᠭᠠᠷ ᠳᠠᠮᠵᠢᠭᠰᠠᠨ ᠮᠠᠰᠢᠨ ᠲᠡᠷᠭᠡ ᠶᠢ ᠣᠷᠣᠰ᠂ ᠮᠣᠩᠭᠤᠯ | ᠵᠡᠷᠭᠡ ᠤᠯᠤᠰ ᠪᠠ ᠭᠠᠵᠠᠷ ᠣᠷᠣᠨ ᠳᠤ ᠭᠠᠷᠭᠠᠬᠤ ᠵᠠᠮ ᠮᠥᠷ ᠢ ᠥᠷᠭᠡᠳᠬᠡᠵᠦ᠂ ᠪᠦᠬᠦ ᠵᠢᠯ ᠳᠤ 1577 ᠰᠠᠤᠷᠢ | ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠵᠤ᠂ ᠠᠷᠠᠯᠵᠢᠶ᠎ᠠ ᠶᠢᠨ ᠲᠤᠭ᠎ᠠ ᠬᠡᠮᠵᠢᠶ᠎ᠡ ᠨᠢ 1.53 | ᠳ᠋ᠦᠩᠰᠢᠭᠤᠷ ᠲᠥᠭᠦᠷᠢᠭ ᠬᠦᠷᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠭᠠᠳᠠᠭᠠᠳᠤ ᠠᠷᠠᠯᠵᠢᠶᠠᠨ ᠤ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ 2 ᠰᠠᠭᠤᠷᠢᠨ ᠭᠠᠵᠠᠷ ᠪᠠ ᠹᠦ᠋ ᠹᠧᠩ᠂ ᠢᠯᠢ | ᠵᠡᠷᠭᠡ 14 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ᠂ ᠠᠵᠤ ᠠᠬᠤᠶᠢᠯᠠᠯ ᠢᠶᠠᠷ ᠦᠨᠡᠯᠡᠭᠳᠡᠪᠡ᠃ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ | ᠵᠥᠭᠡᠯᠡᠨ ᠬᠠᠲᠠᠭᠤ ᠬᠡᠷᠡᠭᠰᠡᠯ ᠲᠤᠨᠤᠭ ᠤᠨ ᠪᠡᠯᠡᠳᠬᠡᠮᠵᠢ ᠲᠠᠰᠤᠷᠠᠯᠲᠠ ᠤᠶᠢᠭᠡᠢ ᠲᠡᠭᠦᠯᠳᠡᠷᠵᠢᠵᠦ᠂ ᠡᠯᠧᠺᠲᠷᠣᠨ | ᠬᠤᠳᠠᠯᠳᠤᠭᠠᠨ ᠤ ᠭᠤᠣᠯ ᠴᠣᠭᠴᠠ ᠤᠯᠠᠮ ᠨᠢᠭᠡ ᠠᠯᠬᠤᠮ ᠨᠡᠮᠡᠭᠳᠡᠵᠦ᠂ ᠠᠷᠠᠯᠵᠢᠶᠠᠨ ᠤ ᠲᠤᠭ᠎ᠠ ᠬᠡᠮᠵᠢᠶ᠎ᠡ ᠨᠢ | ᠠᠩᠬ᠎ᠠ ᠤᠳᠠᠭ᠎ᠠ 20 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ᠃ | ᠭᠤᠷᠪᠠ ᠳᠤ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ | ᠳᠤᠮᠳᠠᠳᠤ ᠮᠣᠩᠭᠤᠯ ᠤᠨ ᠦᠵᠡᠰᠬᠦᠯᠡᠩ ᠤᠨ ᠬᠤᠳᠠᠯᠳᠤᠭ᠎ᠠ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ | ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠳᠤ ᠢᠳᠡᠪᠬᠢᠲᠡᠢ ᠣᠷᠣᠯᠴᠠᠨ᠂ 15 ᠲᠥᠷᠥᠯ ᠵᠦᠢᠯ ᠭᠡᠷ᠎ᠡ ᠲᠣᠭᠲᠠᠵᠤ᠂ | ᠪᠡᠯᠡ ᠣᠷᠣᠭᠤᠯᠤᠯᠲᠠ 640.4 ᠳ᠋ᠦᠩᠰᠢᠭᠤᠷ ᠲᠥᠭᠦᠷᠢᠭ ᠬᠦᠷᠴᠦ᠂ ᠪᠦᠬᠦ ᠣᠷᠣᠨ ᠳᠤ ᠲᠡᠷᠢᠭᠦᠯᠡᠪᠡ᠃ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ︽ᠬᠢᠯᠢ ᠠᠯᠤᠰᠯᠠᠭᠰᠠᠨ ᠺᠣᠮᠫᠠᠨᠢ ᠶᠢᠨ ᠥᠪᠥᠷ ᠮᠣᠩᠭᠤᠯ ᠳᠠᠬᠢ ᠠᠶᠠᠯᠠᠯ︾᠂ | ᠮᠣᠩᠭᠤᠯ ᠤᠯᠤᠰ ᠳᠤᠮᠳᠠᠳᠤ ᠤᠯᠤᠰ ᠤᠨ ᠲᠠᠸᠠᠷ ᠤᠨ ᠦᠵᠡᠰᠬᠦᠯᠡᠩ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ | ᠬᠡᠷᠡᠭᠯᠡᠭᠡᠨ ᠤ ᠲᠠᠸᠠᠷ ᠤᠨ ᠦᠵᠡᠰᠬᠦᠯᠡᠩ᠂ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠴᠤᠭᠯᠠᠭᠠᠨ᠂ | ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠬᠤᠷᠠᠯ ᠦᠵᠡᠰᠬᠦᠯᠡᠩ ᠳᠤ ᠣᠷᠣᠯᠴᠠᠵᠤ᠂ ᠣᠯᠠᠨ | ᠤᠯᠤᠰ ᠤᠨ ᠵᠠᠬ᠎ᠠ ᠳᠡᠯᠭᠡᠭᠦᠷ ᠢ ᠨᠡᠭᠡᠭᠡᠪᠡ᠃ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠲᠡᠰ ᠤᠨ | ᠦᠢᠯᠡᠴᠢᠯᠡᠭᠡ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠰᠣᠩᠭᠤᠭᠳᠠᠵᠤ᠂ ᠥᠪᠥᠷ ᠮᠣᠩᠭᠤᠯ ᠤᠨ ᠣᠯᠠᠨ | ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ︽ᠤᠯᠤᠰ ᠤᠨ ᠲᠡᠰ ᠤᠨ ᠦᠢᠯᠡᠴᠢᠯᠡᠭᠡᠨ ᠤ ᠠᠷᠠᠯᠵᠢᠶ᠎ᠠ ᠶᠢᠨ | ᠲᠠᠪᠴᠠᠩ︾ ᠢᠶᠠᠷ ᠦᠨᠡᠯᠡᠭᠳᠡᠵᠦ᠂ ᠤᠯᠤᠰ ᠤᠨ ᠣᠨᠴᠠᠯᠢᠭᠲᠤ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠰᠠᠭᠤᠷᠢᠨ | ︵ᠬᠢᠲᠠᠳ ᠡᠮ ᠡᠮᠨᠡᠯᠭᠡ︶ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ | ᠳᠥᠷᠪᠡ ᠳᠤ᠂ ᠪᠡᠯᠡ ᠣᠷᠣᠭᠤᠯᠤᠯᠲᠠ ᠶᠢᠨ ᠦᠢᠯᠡᠴᠢᠯᠡᠭᠡ ᠶᠢ ᠲᠡᠭᠦᠯᠳᠡᠷᠵᠢᠭᠦᠯᠪᠡ᠃ ︽ᠳᠤᠮᠳᠠᠳᠤ ᠤᠯᠤᠰ ᠤᠨ | ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ︾ ᠶᠢᠨ ᠢᠷᠠᠭᠤ ᠠᠯᠳᠠᠷ ᠢ ᠣᠯᠣᠭᠰᠠᠨ ᠠᠵᠠ ᠲᠣᠬᠢᠶᠠᠯ ᠢᠶᠠᠷ᠂ | ᠰᠠᠨᠠᠭᠠᠴᠢᠯᠠᠭ᠎ᠠ ᠲᠠᠢ ᠤᠷᠢᠳᠴᠢᠯᠠᠨ ᠦᠢᠯᠡᠴᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠭᠤᠢ | ᠰᠢᠷᠡᠭᠡᠨ ᠤ ᠬᠤᠷᠠᠯ ᠵᠡᠷᠭᠡ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ | | | ᠬᠥᠲᠥᠯᠥᠭᠴᠢ᠄ | ᠡᠨᠡ ᠵᠢᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠠᠶᠢᠭᠤᠯᠬᠤ ᠶᠢᠨ ᠲᠣᠭᠤᠷᠢᠨ ᠳᠤ᠂ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠦᠲᠦᠭᠡᠨ | ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠤᠨ ᠠᠷᠭ᠎ᠠ | ᠬᠡᠮᠵᠢᠶ᠎ᠡ ᠠᠪᠬᠤ ᠪᠤᠢ︖ | | | ᠲᠠᠨ ᠶᠢᠨ ᠯᠦᠩ᠄ | ᠡᠨᠡ ᠵᠢᠯ ᠪᠢᠳᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠣᠨ ᠤ | ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ | ᠭᠦᠨᠵᠡᠭᠡᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠭᠠᠳᠠᠭᠰᠢ ᠨᠡᠭᠡᠭᠡᠯᠲᠡ ᠬᠢᠵᠦ ᠬᠥᠭᠵᠢᠬᠦ ᠶᠡᠷᠦᠩᠬᠡᠢ ᠨᠡᠶᠢᠯᠡᠯ | ᠬᠦᠴᠦᠨ ᠢ ᠦᠷᠭᠦᠯᠵᠢᠯᠡᠨ ᠴᠢᠩᠭᠠᠳᠬᠠᠵᠤ᠂ ᠥᠨᠳᠥᠷ ᠬᠢᠷᠢ ᠲᠦᠪᠰᠢᠨ ᠲᠠᠢ᠂ ᠭᠦᠨ ᠲᠡᠰ ᠳᠠᠪᠬᠤᠷᠭ᠎ᠠ ᠶᠢᠨ | ᠣᠷᠣᠨ ᠤ ᠲᠥᠪ ᠬᠤᠲᠠ ᠶᠢᠨ ᠭᠠᠳᠠᠭᠰᠢ ᠨᠡᠭᠡᠭᠡᠯᠲᠡ ᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠤᠢ | ᠪᠣᠯᠭᠠᠨ᠎ᠠ᠃ | ᠨᠢᠭᠡ ᠳᠤ᠂ ᠠᠭᠠᠷ ᠤᠨ ᠭᠠᠷᠠᠮ ᠪᠠ ᠣᠯᠠᠨ ᠤᠯᠤᠰ ᠤᠨ ᠬᠠᠭᠤᠷᠠᠢ ᠶᠢᠨ ᠭᠠᠷᠠᠮ ᠤᠨ ᠪᠦᠲᠦᠭᠡᠨ | ᠪᠠᠶᠢᠭᠤᠯᠤᠯᠲᠠ ᠶᠢ ᠥᠨᠳᠥᠷ ᠬᠢᠷᠢ ᠲᠦᠪᠰᠢᠨ ᠲᠠᠢ ᠠᠬᠢᠭᠤᠯᠤᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ ᠤᠨ ᠠᠭᠠᠷ ᠤᠨ ᠠᠶᠠᠯᠠᠯ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠲᠠᠭᠰᠠᠨ | ᠬᠢᠨᠠᠯᠲᠠ ᠬᠠᠮᠢᠶᠠᠷᠤᠯᠲᠠ ᠶᠢᠨ ᠲᠠᠯᠠᠪᠤᠷ ︵ᠬᠢᠯᠢ ᠪᠠᠷ ᠣᠷᠣᠬᠤ ᠬᠥᠯᠳᠡᠭᠦᠦ ᠰᠣᠷᠭᠤᠭ ᠤᠰᠤᠨ ᠤ ᠭᠠᠷᠤᠯᠲᠠ᠂ ᠵᠢᠮᠢᠰ | ᠵᠡᠷᠭᠡ︶ ᠤᠨ ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠲᠥᠯᠥᠪᠯᠡᠨ᠎ᠡ᠃ | ᠡᠯᠡᠰᠦᠨ ᠳᠠᠪᠠᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠣᠭᠤᠮᠲᠠ ᠶᠢᠨ ᠠᠵᠢᠯᠯᠠᠬᠤ ᠭᠠᠵᠠᠷ ᠤᠨ | ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢᠨ ᠰᠢᠨ᠎ᠡ ᠬᠦᠢᠰᠦ ᠶᠢ ᠪᠠᠶᠢᠭᠤᠯᠤᠨ᠎ᠠ᠃ | ᠬᠤᠶᠠᠷ ᠲᠤ᠂ ᠭᠠᠳᠠᠭᠠᠳᠤ ᠠᠷᠠᠯᠵᠢᠶ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠳᠠᠭᠠᠭᠠᠵᠤ ᠪᠠᠲᠤᠯᠠᠬᠤ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠭᠠᠳᠠᠭᠠᠳᠤ ᠠᠷᠠᠯᠵᠢᠶ᠎ᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ᠎ᠠ᠃ ᠭᠠᠷ ᠳᠠᠮᠵᠢᠭᠰᠠᠨ ᠮᠠᠰᠢᠨ ᠲᠡᠷᠭᠡ ᠶᠢᠨ ᠲᠤᠷᠰᠢᠯᠲᠠ ᠶᠢᠨ ᠠᠵᠢᠯ ᠢ | ᠪᠦᠬᠦ ᠲᠠᠯ᠎ᠠ ᠪᠠᠷ ᠴᠢᠯᠦᠭᠡᠲᠡᠢ ᠪᠣᠯᠭᠠᠬᠤ ᠲᠥᠷᠥ ᠶᠢᠨ ᠪᠣᠳᠣᠯᠭ᠎ᠠ ᠶᠢ ᠠᠰᠢᠭᠯᠠᠨ᠂ ᠣᠷᠣᠰ ᠮᠣᠩᠭᠤᠯ ᠤᠨ ᠵᠠᠬ᠎ᠠ | ᠳᠡᠯᠭᠡᠭᠦᠷ ᠲᠤ ᠰᠠᠭᠤᠷᠢᠯᠠᠨ᠂ ᠭᠠᠷ ᠳᠠᠮᠵᠢᠭᠰᠠᠨ ᠮᠠᠰᠢᠨ ᠲᠡᠷᠭᠡ ᠪᠠ ᠭᠠᠷ ᠳᠠᠮᠵᠢᠭᠰᠠᠨ ᠪᠠᠷᠢᠯᠭ᠎ᠠ ᠶᠢᠨ ᠮᠠᠰᠢᠨ ᠢ | ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠠᠵᠤ ᠠᠬᠤᠶᠢᠯᠠᠯ ᠢ ᠢᠳᠡᠪᠬᠢᠲᠡᠢ ᠬᠥᠮᠥᠵᠢᠭᠦᠯᠵᠦ᠂ ᠠᠵᠤ ᠠᠬᠤᠶᠢᠯᠠᠯ ᠤᠨ ︽ᠨᠢᠭᠡ ᠪᠦᠰᠡ ᠨᠢᠭᠡ | ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠳᠤ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠵᠣᠷᠢᠭᠵᠢᠭᠤᠯᠵᠤ᠂ | ᠳᠤᠮᠳᠠ ᠵᠢᠵᠢᠭ ᠠᠵᠤ ᠠᠬᠤᠶᠢᠯᠠᠯ ᠪᠣᠯᠣᠨ ᠬᠠᠮᠢᠶ᠎ᠠ ᠪᠦᠬᠦᠢ ᠤᠯᠤᠰ ᠭᠠᠵᠠᠷ ᠣᠷᠣᠨ ᠯᠤᠭ᠎ᠠ ᠶᠢᠨ ᠭᠠᠳᠠᠭᠠᠳᠤ | ᠠᠷᠠᠯᠵᠢᠶᠠᠨ ᠤ ᠠᠵᠢᠯᠯᠠᠭ᠎ᠠ ᠳᠤ ᠬᠥᠭᠦᠷᠭᠡ ᠪᠣᠰᠬᠠᠨ᠎ᠠ᠃ | ᠭᠤᠷᠪᠠ ᠳᠤ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ︽ᠨᠢᠭᠡ ᠪᠦᠰᠡ ᠨᠢᠭᠡ ᠵᠠᠮ︾ ᠢ ᠬᠠᠮᠲᠤᠷᠠᠨ ᠴᠢᠨᠠᠷ ᠰᠠᠶᠢᠲᠠᠢ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠰᠦᠨ ᠱᠣᠣ ᠴᠧᠩ ᠱᠦᠵᠢ ᠮᠣᠩᠭᠤᠯ ᠤᠯᠤᠰ ᠲᠤ ᠠᠶᠢᠯᠴᠢᠯᠠᠨ ᠰᠤᠷᠪᠤᠯᠵᠢᠯᠠᠭᠰᠠᠨ | ᠴᠢᠬᠤᠯᠠ ᠦᠷ᠎ᠡ ᠪᠦᠲᠦᠭᠡᠯ ᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ | ᠮᠣᠩᠭᠤᠯ ᠤᠨ ᠬᠤᠳᠠᠯᠳᠤᠭᠠᠴᠢᠨ ᠤ ᠲᠣᠷᠭᠠᠨ ᠵᠠᠮ ᠤᠨ ᠠᠶᠠᠨ︾ ᠠᠵᠤ ᠠᠬᠤᠢ ᠠᠷᠠᠯᠵᠢᠶᠠᠨ ᠤ ᠦᠵᠡᠰᠬᠦᠯᠡᠩ | ᠵᠥᠪᠳᠡᠯᠴᠡᠭᠡᠷ ᠤᠨ ᠰᠢᠷᠢᠰ ᠠᠵᠢᠯᠯᠠᠭ᠎ᠠ ᠳᠤ ᠣᠷᠣᠯᠴᠠᠭᠤᠯᠤᠨ᠂ ᠨᠥᠬᠦᠷᠰᠡᠭ ᠰᠣᠯᠢᠯᠴᠠᠭ᠎ᠠ ᠲᠠᠢ ᠭᠠᠵᠠᠷ ᠣᠷᠣᠨ ᠤ | ᠠᠵᠤ ᠠᠬᠤᠢ ᠠᠷᠠᠯᠵᠢᠶᠠᠨ ᠤ ᠬᠦᠷᠢᠶᠡᠨ ᠳᠠᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠥᠷᠭᠡᠳᠬᠡᠨ᠎ᠡ᠃ | ᠳᠥᠷᠪᠡ ᠳᠤ᠂ ᠬᠤᠣᠰ ᠵᠦᠭ ᠲᠤ ᠪᠡᠯᠡ ᠣᠷᠣᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ | ᠬᠠᠷᠠᠭᠠᠯᠵᠠᠯ ᠪᠠ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠡᠯᠡ ᠣᠷᠣᠭᠤᠯᠵᠤ ᠢᠷᠡᠭᠰᠡᠨ ᠡᠬᠢ ᠭᠠᠵᠠᠷ ᠢ ᠥᠷᠭᠡᠳᠬᠡᠨ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠳᠤᠭᠤᠢ ᠰᠢᠷᠡᠭᠡᠨ ᠤ ᠬᠤᠷᠠᠯ ᠤᠨ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠵᠤ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠦᠢᠯᠡᠴᠢᠯᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠪᠠ ᠬᠢᠯᠢ ᠶᠢᠨ ᠭᠠᠳᠠᠨᠠᠬᠢ ᠪᠡᠯᠡ | ᠣᠷᠣᠭᠤᠯᠬᠤ ᠠᠵᠤ ᠠᠬᠤᠶᠢᠯᠠᠯ ᠤᠨ ᠪᠡᠯᠡ ᠣᠷᠣᠭᠤᠯᠬᠤ ᠠᠵᠠ ᠲᠣᠬᠢᠶᠠᠯ ᠪᠠ ᠲᠥᠷᠥ ᠶᠢᠨ ᠪᠣᠳᠣᠯᠭ᠎ᠠ ᠶᠢᠨ | ᠤᠬᠠᠭᠤᠯᠤᠨ ᠲᠠᠨᠢᠯᠴᠠᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠪᠠ ᠭᠠᠵᠠᠷ ᠣᠷᠣᠨ ᠤ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠬᠡᠷᠡᠭᠵᠢᠭᠦᠯᠬᠦ ᠶᠢ ᠬᠦᠴᠦᠯᠡᠨ ᠠᠬᠢᠭᠤᠯᠤᠨ᠎ᠠ᠃ | | | ᠬᠥᠲᠥᠯᠥᠭᠴᠢ᠄ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠵᠢᠯᠤᠭᠤᠳᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ | ᠭᠠᠳᠠᠭᠠᠳᠤ ᠠᠷᠠᠯᠵᠢᠶ᠎ᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠪᠣᠯ ᠭᠠᠳᠠᠭᠠᠳᠤ ᠠᠷᠠᠯᠵᠢᠶ᠎ᠠ ᠰᠢᠨ᠎ᠡ | ᠬᠥᠭᠵᠢᠯᠲᠡ ᠶᠢᠨ ᠱᠠᠲᠤ ᠦᠶ᠎ᠡ ᠳᠤ ᠣᠷᠣᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ | ᠰᠢᠨ᠎ᠡ ᠶᠢ ᠡᠭᠦᠳᠦᠭᠰᠡᠨ ᠦᠢᠯᠡᠳᠦᠯᠭᠡ ᠮᠥᠨ᠂ ᠭᠠᠳᠠᠭᠠᠳᠤ ᠠᠷᠠᠯᠵᠢᠶ᠎ᠠ ᠶᠢᠨ ᠠᠮᠢᠳᠤ ᠬᠦᠴᠦᠨ ᠮᠥᠨ᠃ ᠮᠠᠨ ᠤ | ᠬᠤᠲᠠ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠣᠭᠤᠯᠬᠤ ᠲᠠᠯ᠎ᠠ ᠪᠠᠷ ᠶᠠᠮᠠᠷ | ᠶᠠᠮᠠᠷ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠥᠳᠡᠯᠭᠡᠬᠦ ᠬᠦᠴᠦᠨ ᠢ ᠬᠥᠮᠥᠵᠢᠭᠦᠯᠦᠭᠰᠡᠨ ᠪᠤᠢ︖ | | | ᠲᠠᠨ ᠶᠢᠨ ᠯᠦᠩ᠄ | ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠵᠦᠢᠯ ᠭᠤᠣᠯᠳᠠᠭᠤ ᠠᠮᠢᠳᠤ ᠪᠣᠳᠠᠰ ᠤᠨ ᠡᠮ ᠡᠮᠨᠡᠯᠭᠡ᠂ ᠰᠦ ᠶᠢᠨ ᠦᠢᠯᠡᠰ ᠵᠢᠴᠢ ᠲᠡᠭᠦᠨ ᠤ ᠳᠡᠭᠡᠳᠦ ᠳᠣᠣᠷᠠᠳᠤ | ᠤᠷᠤᠰᠬᠠᠯ ᠤᠨ ᠠᠵᠤ ᠦᠢᠯᠡᠰ ᠢᠶᠠᠷ ᠲᠤᠯᠭᠠᠭᠤᠷᠢᠯᠠᠭᠤᠯᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠲᠠᠩ | ᠭᠠᠭᠴᠠ ᠠᠵᠢᠯ ᠲᠥᠷᠥᠯ ᠳᠤ ᠲᠦᠰᠢᠭᠯᠡᠬᠦ ᠬᠡᠮᠵᠢᠶ᠎ᠡ ᠶᠡᠷᠦ ᠨᠢ ᠨᠡᠯᠢᠶᠡᠳ ᠥᠨᠳᠥᠷ ᠪᠠᠶᠢᠳᠠᠭ᠃ ᠡᠭᠦᠨ ᠤ ᠲᠤᠯᠠᠳᠠ | ᠪᠢᠳᠡ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ ᠳᠤ ᠣᠷᠣᠯᠴᠠᠬᠤ ᠰᠢᠨ᠎ᠡ | ᠳᠠᠪᠠᠭᠤᠯᠢᠭ ᠢ ᠲᠠᠰᠤᠷᠠᠯᠲᠠ ᠦᠭᠡᠢ ᠰᠦᠪᠡᠭᠴᠢᠯᠡᠨ ᠪᠣᠶᠢᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ᠂ ᠭᠠᠷ ᠳᠠᠮᠵᠢᠭᠰᠠᠨ ᠮᠠᠰᠢᠨ ᠲᠡᠷᠭᠡ ᠪᠠ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ ᠶᠢᠨ | ᠲᠣᠭᠤᠷᠢᠨ ᠳᠤ ᠭᠤᠣᠯᠳᠠᠯᠭ᠎ᠠ ᠲᠠᠢ ᠪᠠᠷ ᠠᠷᠭ᠎ᠠ ᠵᠠᠮ ᠡᠷᠢᠵᠦ᠂ ᠳᠠᠯᠳᠠ ᠬᠦᠴᠦᠨ ᠢ ᠠᠭᠤᠳᠠᠯᠤᠨ᠎ᠠ᠃ | ᠨᠢᠭᠡ ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠯ᠎ᠠ ᠪᠠᠷ᠂ ︽ᠳᠤᠮᠳᠠᠳᠤ ᠤᠯᠤᠰ | ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠴᠢᠨᠠᠷᠲᠠᠢ ᠠᠵᠤ ᠠᠬᠤᠶᠢᠯᠠᠯ ᠢ ᠦᠷᠭᠦᠯᠵᠢᠯᠡᠨ ᠤᠷᠢᠵᠤ ᠪᠡᠯᠡ ᠣᠷᠣᠭᠤᠯᠤᠨ᠂ | ᠡᠯ᠎ᠡ ᠭᠠᠵᠠᠷ ᠣᠷᠣᠨ ᠤ ᠤᠯᠤᠰ ᠤᠨ ᠳᠣᠲᠣᠭᠠᠳᠤ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠬᠥᠲᠥᠴᠢ ᠠᠵᠤ ᠠᠬᠤᠶᠢᠯᠠᠯ ᠢ ᠤᠷᠢᠵᠤ ᠪᠡᠯᠡ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠠᠭᠤᠷᠢ ᠲᠠᠢ ᠭᠠᠵᠠᠷ | ᠣᠷᠣᠨ ᠢ ᠵᠢᠯᠣᠭᠤᠳᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠪᠥᠭᠡᠮᠨᠡᠷᠡᠬᠦ ᠶᠢ | ᠲᠦᠷᠭᠡᠳᠬᠡᠵᠦ᠂ ᠬᠠᠲᠠᠭᠤ ᠵᠥᠭᠡᠯᠡᠨ ᠲᠣᠨᠤᠭ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ | ᠪᠠᠶᠢᠭᠤᠯᠤᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠷᠠᠯᠵᠢᠶᠠᠨ ᠤ ᠲᠤᠭ᠎ᠠ 2.54 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ 19.6 ᠳᠠᠬᠢᠨ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠬᠡᠮᠵᠢᠶᠡᠨ ᠤ 70% ᠶᠢ | ᠡᠵᠡᠯᠡᠪᠡ᠃ | ᠬᠤᠶᠠᠷ ᠲᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠠᠯ᠎ᠠ ᠪᠠᠷ᠂ 2022 | ᠣᠨ ᠳᠤ ᠮᠠᠨ ᠤ ᠬᠤᠲᠠ ᠤᠯᠤᠰ ᠤᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ | ᠲᠤᠷᠰᠢᠯᠲᠠ ᠶᠢᠨ ᠬᠤᠲᠠ ᠪᠠᠷ ᠵᠥᠪᠰᠢᠶᠡᠷᠡᠭᠳᠡᠭᠰᠡᠨ ᠠᠴᠠ ᠨᠠᠭᠠᠰᠢ᠂ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ᠂ | ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠪᠠᠨ | ᠴᠢᠩᠭᠠᠳᠬᠠᠵᠤ᠂ ︽ᠬᠥᠬᠡᠬᠤᠲᠠ ᠶᠢᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠢᠯ ᠤᠨ | ᠲᠥᠰᠥᠯ︾ ᠢ ᠲᠣᠭᠲᠠᠭᠠᠵᠤ᠂ ᠶᠡᠷᠦᠩᠬᠡᠢ ᠠᠵᠢᠯ ᠤᠨ ᠰᠡᠳᠬᠢᠮᠵᠢ ᠪᠠᠨ ᠲᠣᠳᠣᠷᠬᠠᠶᠢᠯᠠᠨ᠂ ᠡᠯ᠎ᠡ ᠵᠦᠢᠯ ᠤᠨ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠶᠢ | ᠳᠡᠮᠵᠢᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠲᠤᠬᠠᠶᠢᠯᠠᠭᠰᠠᠨ | ᠠᠵᠢᠯ ᠢᠶᠠᠨ ᠥᠷᠭᠡᠳᠬᠡᠬᠦ ᠳᠤ ᠲᠤᠰᠠ ᠪᠣᠯᠪᠠ᠃ ᠣᠲᠣ ᠪᠣᠯᠲᠠᠯ᠎ᠠ ᠭᠠᠳᠠᠭᠠᠳᠤ ᠳᠤ ᠭᠠᠷᠭᠠᠭᠰᠠᠨ ᠭᠠᠷ ᠳᠠᠮᠵᠢᠭᠰᠠᠨ | ᠮᠠᠰᠢᠨ ᠲᠡᠷᠭᠡ ᠨᠡᠶᠢᠲᠡ 2500 ᠶᠢ ᠳᠠᠪᠠᠵᠤ᠂ ᠭᠠᠳᠠᠭᠠᠳᠤ ᠳᠤ ᠭᠠᠷᠭᠠᠭᠰᠠᠨ ᠵᠣᠭᠤᠰ ᠤᠨ ᠲᠤᠭ᠎ᠠ 2.3 | ᠳ᠋ᠦᠩᠰᠢᠭᠤᠷ ᠲᠥᠭᠦᠷᠢᠭ ᠬᠦᠷᠴᠡᠢ᠃ ᠣᠶᠢᠷ᠎ᠠ ᠶᠢᠨ ᠬᠤᠭᠤᠴᠠᠭᠠᠨ ᠳᠤ᠂ ᠪᠢᠳᠡ ᠬᠤᠳᠠᠯᠳᠤᠭᠠᠨ ᠤ ᠶᠠᠪᠤᠳᠠᠯ ᠤᠨ | ᠶᠠᠮᠤᠨ ᠵᠡᠷᠭᠡ 5 ᠰᠠᠯᠠᠭ᠎ᠠ ᠮᠥᠴᠢᠷ ᠤᠨ ︽ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ | ᠬᠤᠯᠪᠣᠭᠳᠠᠯ ᠪᠦᠬᠦᠢ ᠵᠦᠢᠯᠡᠰ ᠤᠨ ᠲᠤᠬᠠᠢ ᠠᠯᠪᠠᠨ ᠵᠠᠷ︾ ᠢ ᠨᠡᠶᠢᠲᠡᠯᠡᠭᠰᠡᠨ ᠠᠵᠠ ᠲᠣᠬᠢᠶᠠᠯ ᠲᠠᠢ ᠤᠶᠠᠯᠳᠤᠭᠤᠯᠤᠨ᠂ | ᠠᠵᠤ ᠠᠬᠤᠶᠢᠯᠠᠯ ᠲᠠᠢ ᠣᠯᠠᠨ ᠤᠳᠠᠭ᠎ᠠ ᠨᠢᠭᠤᠷᠲᠠᠨ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ | ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠮᠳᠠᠬᠢ ᠪᠡᠷᠬᠡ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ | ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠪᠡ᠃ ᠡᠨᠡ ᠵᠢᠯ ᠤᠨ | ᠨᠢᠭᠡᠳᠦᠭᠡᠷ ᠤᠯᠠᠷᠢᠯ ᠳᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠭᠰᠠᠨ ᠲᠤᠭ᠎ᠠ 7500 | ᠭᠠᠷᠤᠢ ᠲᠦᠮᠡᠨ ᠲᠥᠭᠦᠷᠢᠭ ᠬᠦᠷᠴᠦ᠂ 2023 ᠣᠨ ᠤ ᠪᠥᠬᠦ ᠵᠢᠯ ᠤᠨ ᠭᠠᠷ ᠳᠠᠮᠵᠢᠭᠰᠠᠨ ᠮᠠᠰᠢᠨ ᠲᠡᠷᠭᠡ ᠶᠢ | ᠭᠠᠳᠠᠭᠠᠳᠤ ᠳᠤ ᠭᠠᠷᠭᠠᠭᠰᠠᠨ ᠲᠣᠭᠠᠨ ᠤ 50% ᠶᠢ ᠡᠵᠡᠯᠡᠪᠡ᠃ | ᠭᠤᠷᠪᠠ ᠳᠤ᠂ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ ᠶᠢᠨ ᠲᠠᠯ᠎ᠠ ᠪᠠᠷ᠂ ᠮᠠᠨ ᠤ | ᠬᠤᠲᠠ ᠶᠢᠨ ︽ᠴᠠᠬᠢᠯᠭᠠᠨ ᠬᠥᠳᠡᠯᠭᠡᠭᠦᠷᠲᠦ ᠬᠥᠮᠥᠨ ᠠᠴᠢᠬᠤ ᠮᠠᠰᠢᠨ ᠲᠡᠷᠭᠡ᠂ ᠯᠢᠲ᠋ᠢ ᠳ᠋ᠢᠶᠠᠨ ᡂᠢ᠂ ᠨᠡᠷᠡᠨ | ᠡᠨᠧᠷᠭᠢ ᠶᠢᠨ ᠳ᠋ᠢᠶᠠᠨ ᡂᠢ︾ ᠵᠡᠷᠭᠡ ᠭᠠᠳᠠᠭᠠᠳᠤ ᠠᠷᠠᠯᠵᠢᠶᠠᠨ ᠤ ︽ᠰᠢᠨ᠎ᠡ ᠭᠤᠷᠪᠠᠨ ᠵᠦᠢᠯ︾ ᠤᠨ ᠲᠤᠬᠠᠶᠢᠯᠠᠭᠰᠠᠨ | ᠠᠵᠢᠯ ᠤᠨ ᠬᠥᠭᠵᠢᠯᠲᠡ ᠶᠢᠨ ᠲᠦᠭᠵᠢᠷᠡᠯ ᠢ ᠢᠳᠡᠪᠬᠢᠲᠡᠢ ᠪᠠᠷ ᠨᠠᠪᠲᠠᠷᠡᠭᠦᠯᠵᠦ᠂ ᠠᠵᠤ ᠠᠬᠤᠶᠢᠯᠠᠯ ᠤᠨ ᠭᠠᠳᠠᠭᠠᠳᠤ | ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠰᠢᠨ᠎ᠡ ᠭᠤᠷᠪᠠᠨ | ᠵᠦᠢᠯ ᠤᠨ ᠪᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠢ ᠰᠤᠷᠪᠤᠯᠵᠢᠯᠠᠬᠤ ᠶᠢ ᠴᠢᠩᠭᠠᠳᠬᠠᠨ᠂ | ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠬᠦᠷᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ | ᠠᠬᠤᠶᠢᠯᠠᠯ ᠲᠠᠢ ᠨᠢᠭᠤᠷᠲᠠᠨ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠦᠦ ᠯᠢ ᠰᠢᠨ ︵ᠥᠪᠥᠷ ᠮᠣᠩᠭᠤᠯ︶ | ᠳ᠋ᠢᠶᠠᠨ ᡂᠢ ᠶᠢᠨ ᠬᠢᠵᠠᠭᠠᠷᠲᠤ ᠺᠣᠮᠫᠠᠨᠢ ᠶᠢᠨ ᠯᠢᠲ᠋ᠢ ᠳ᠋ᠢᠶᠠᠨ ᡂᠢ ᠶᠢᠨ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ | ᠠᠵᠢᠯ ᠥᠷᠨᠢᠭᠦᠯᠬᠦ ᠶᠢ ᠠᠮᠵᠢᠯᠲᠠ ᠲᠠᠢ ᠠᠬᠢᠭᠤᠯᠵᠤ᠂ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠣᠯᠭᠤᠵᠤ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ | | | ᠬᠥᠲᠥᠯᠥᠭᠴᠢ᠄ | ᠬᠥᠬᠡᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠪᠣᠯ ᠪᠦᠬᠦ ᠣᠷᠣᠨ ᠤ ᠬᠠᠮᠤᠭ ᠤᠨ ᠶᠡᠭᠡ ᠠᠭᠠᠷ ᠤᠨ | ᠠᠶᠠᠯᠠᠯ ᠤᠨ ᠪᠣᠭᠤᠮᠲᠠ ᠪᠣᠯᠣᠨ᠎ᠠ᠂ ᠮᠠᠨ ᠤ ᠬᠤᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠪᠠᠶᠢᠭᠤᠯᠬᠤ ᠳᠤᠮᠳᠠ ᠴᠢᠬᠤᠯᠠ ᠦᠢᠯᠡᠳᠦᠯ ᠭᠠᠷᠭᠠᠵᠤ ᠪᠠᠶᠢᠨ᠎ᠠ᠂ ᠪᠣᠭᠤᠮᠲᠠ ᠶᠢᠨ ᠣᠳᠣᠬᠠᠨ ᠤ ᠠᠵᠢᠯᠯᠠᠭᠠᠨ ᠶᠠᠮᠠᠷ | ᠰᠢᠭ᠋ ᠪᠠᠶᠢᠳᠠᠯ ᠲᠠᠢ ᠪᠤᠢ︖ | | | ᠲᠠᠨ ᠶᠢᠨ ᠯᠦᠩ᠄ | ᠡᠨᠡ ᠵᠢᠯ ᠤᠨ ᠲᠤᠷᠰᠢ᠂ ᠪᠢᠳᠠᠨ ᠪᠣᠭᠤᠮᠲᠠ ᠶᠢᠨ ᠡᠯ᠎ᠡ ᠬᠤᠯᠪᠣᠭᠳᠠᠯ ᠪᠦᠬᠦᠢ ᠨᠢᠭᠡᠴᠢ ᠲᠠᠢ ᠪᠦᠬᠦ | ᠬᠦᠴᠦᠨ ᠢᠶᠠᠷ ᠢᠶᠠᠨ ᠬᠠᠮᠵᠢᠯᠴᠠᠵᠤ᠂ ᠬᠢᠯᠢ ᠪᠠᠷ ᠣᠷᠣᠵᠤ ᠭᠠᠷᠬᠤ ᠵᠢᠭᠤᠯᠴᠢᠳ᠂ ᠤᠯᠤᠰ ᠤᠨ ᠬᠤᠭᠤᠷᠣᠨᠳᠤᠬᠢ | ᠲᠦᠷᠭᠡᠨ ᠬᠦᠷᠭᠡᠯᠲᠡ ᠶᠢᠨ ᠪᠣᠭᠤᠮᠲᠠ ᠶᠢᠨ ᠭᠠᠷ ᠭᠦᠢᠴᠡᠳᠬᠡᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ | ᠨᠡᠯᠢᠶᠡᠳ ᠳᠡᠭᠡᠭᠰᠢᠯᠡᠪᠡ᠃ | ᠨᠢᠭᠡ ᠳᠤ᠂ ᠣᠯᠠᠨ ᠤᠯᠤᠰ ᠤᠨ ᠠᠶᠠᠨᠴᠢᠨ ᠤ ᠠᠭᠠᠷ ᠤᠨ ᠲᠡᠭᠡᠭᠡᠪᠦᠷᠢ ᠶᠢᠨ ᠠᠵᠢᠯᠯᠠᠭᠠᠨ ᠲᠣᠭᠲᠠᠪᠤᠷᠢᠲᠠᠢ | ᠪᠠᠶᠢᠨ᠎ᠠ᠃ | ᠬᠤᠶᠠᠷ ᠲᠤ᠂ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠳᠠᠭᠠᠭᠠᠴᠢᠯᠠᠯᠲᠠ ᠶᠢᠨ ᠨᠢᠰᠬᠡᠯ | ᠠᠮᠵᠢᠯᠲᠠ ᠲᠠᠢ ᠰᠡᠷᠭᠦᠵᠦ ᠨᠢᠰᠪᠡ᠃ | ᠭᠤᠷᠪᠠ ᠳᠤ᠂ ᠬᠢᠯᠢ ᠪᠠᠷ ᠣᠷᠣᠵᠤ ᠢᠷᠡᠬᠦ ᠬᠥᠯᠳᠡᠭᠦᠦ ᠰᠣᠷᠭᠤᠭ ᠤᠰᠤᠨ ᠤ ᠭᠠᠷᠤᠯᠲᠠ ᠶᠢᠨ ᠲᠣᠭᠲᠠᠭᠰᠠᠨ | ᠬᠢᠨᠠᠯᠲᠠ ᠬᠠᠮᠢᠶᠠᠷᠤᠯᠲᠠ ᠶᠢᠨ ᠲᠠᠯᠠᠪᠤᠷ ᠢ ᠠᠮᠵᠢᠯᠲᠠ ᠲᠠᠢ ᠰᠢᠯᠭᠠᠨ ᠠᠪᠤᠪᠠ᠃ | | | ᠬᠥᠲᠥᠯᠥᠭᠴᠢ᠄ | ᠤᠯᠤᠰ ᠤᠨ ᠬᠤᠭᠤᠷᠣᠨᠳᠤᠬᠢ ᠪᠠᠷᠠᠭᠠᠨ ᠤ ᠭᠦᠢᠯᠭᠡᠭᠡ ᠪᠣᠯ ᠭᠠᠳᠠᠭᠰᠢ ᠨᠡᠭᠡᠭᠡᠯᠲᠡ ᠬᠢᠬᠦ ᠶᠢᠨ ᠴᠢᠬᠤᠯᠠ | ᠲᠤᠯᠭᠠᠭᠤᠷᠢ ᠮᠥᠨ᠂ ᠣᠷᠣᠨ ᠪᠦᠰᠡ ᠬᠠᠮᠵᠢᠯᠴᠠᠨ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠃ ᠮᠠᠨ ᠤ ᠬᠤᠲᠠ | ᠤᠯᠤᠰ ᠤᠨ ᠬᠤᠭᠤᠷᠣᠨᠳᠤᠬᠢ ᠪᠠᠷᠠᠭᠠᠨ ᠤ ᠭᠦᠢᠯᠭᠡᠭᠡᠨ ᠤ ᠵᠠᠮ ᠢ ᠪᠦᠲᠦᠭᠡᠨ ᠪᠠᠶᠢᠭᠤᠯᠬᠤ᠂ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠤᠢ︖ | | | ᠲᠠᠨ ᠶᠢᠨ ᠯᠦᠩ᠄ | ᠣᠷᠴᠢᠮ ᠤᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠭᠠᠳᠠᠭᠰᠢ ᠨᠡᠭᠡᠭᠡᠯᠲᠡ ᠬᠢᠬᠦ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ | ᠬᠤᠭᠤᠷᠣᠨᠳᠤᠬᠢ ᠪᠠᠷᠠᠭᠠᠨ ᠤ ᠭᠦᠢᠯᠭᠡᠭᠡᠨ ᠤ ᠵᠠᠮ ᠢ ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ | ︽ᠠᠭᠠᠷ ᠤᠨ ᠵᠠᠮ᠂ ᠲᠡᠮᠦᠷ ᠵᠠᠮ᠂ ᠵᠠᠰᠠᠮᠠᠯ ᠵᠠᠮ᠂ ᠳᠠᠯᠠᠢ ᠶᠢᠨ ᠵᠠᠮ︾ ᠳᠥᠷᠪᠡ ᠶᠢ ᠨᠢᠭᠡ ᠴᠣᠭᠴᠠᠵᠢᠭᠤᠯᠤᠭᠰᠠᠨ | ᠭᠠᠳᠠᠭᠰᠢ ᠬᠠᠨᠳᠤᠭᠤᠯᠤᠭᠰᠠᠨ ᠵᠠᠮ ᠢ ᠪᠦᠬᠦ ᠲᠠᠯ᠎ᠠ ᠪᠠᠷ ᠨᠡᠪᠲᠡᠷᠡᠭᠦᠯᠦᠨ᠂ ᠶᠡᠭᠡ ᠪᠠᠷᠠᠭᠠᠨ ᠤ ᠭᠦᠢᠯᠭᠡᠭᠡᠨ ᠤ ᠲᠣᠣᠷ ᠢ | ᠢᠳᠡᠪᠬᠢᠲᠡᠢ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠨ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ | ᠦᠵᠡᠭᠦᠯᠪᠡ᠃ | ᠨᠢᠭᠡ ᠳᠤ᠂ ᠣᠯᠠᠨ ᠤᠯᠤᠰ ᠤᠨ ᠬᠠᠭᠤᠷᠠᠢ ᠶᠢᠨ ᠭᠠᠷᠠᠮ ᠢ ᠪᠦᠲᠦᠭᠡᠨ ᠪᠠᠶᠢᠭᠤᠯᠬᠤ ᠪᠠᠨ ᠲᠦᠷᠭᠡᠳᠬᠡᠪᠡ᠃ | ᠮᠠᠨ ᠤ ᠬᠤᠲᠠ ᠶᠢᠨ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ | ᠬᠥᠬᠡᠬᠤᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠲᠥᠪᠯᠡᠷᠡᠭᠦᠯᠵᠦ ᠲᠠᠷᠬᠠᠭᠠᠬᠤ | ᠲᠥᠪ ᠢ ᠪᠠᠶᠢᠭᠤᠯᠵᠤ᠂ ︽ᠣᠷᠣᠰ ᠮᠣᠩᠭᠤᠯ ᠳᠤ ᠬᠠᠨᠳᠤᠭᠤᠯᠤᠭᠰᠠᠨ᠂ ᠠᠽᠢᠶ᠎ᠠ ᠡᠸᠦ᠋ᠷᠦᠫᠡ ᠶᠢ ᠨᠥᠯᠥᠭᠡᠯᠡᠭᠰᠡᠨ︾ | ᠣᠯᠠᠨ ᠤᠯᠤᠰ ᠤᠨ ᠬᠠᠭᠤᠷᠠᠢ ᠶᠢᠨ ᠭᠠᠷᠠᠮ ᠢ ᠪᠠᠶᠢᠭᠤᠯᠬᠤ ᠳᠤ ᠰᠠᠭᠤᠷᠢ ᠲᠠᠯᠪᠢᠪᠠ᠃ | ᠬᠤᠶᠠᠷ ᠲᠤ᠂ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠣᠭᠤᠮᠲᠠ ᠶᠢ | ᠪᠠᠶᠢᠭᠤᠯᠤᠨ᠎ᠠ᠃ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠣᠭᠤᠮᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠡᠭᠡᠭᠡᠪᠦᠷᠢ ᠶᠢᠨ ᠣᠷᠣᠨ ᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ᠂ | ᠡᠳ᠋ ᠪᠠᠷᠠᠭᠠᠨ ᠳᠤ ᠬᠡᠷᠡᠭᠯᠡᠬᠦ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠪᠠᠷᠢᠯᠭ᠎ᠠ ᠶᠢ ᠲᠦᠷᠭᠡᠨ ᠪᠠᠶᠢᠭᠤᠯᠵᠤ᠂ | ᠵᠢᠯ ᠤᠨ ᠡᠴᠦᠰ ᠠᠴᠠ ᠡᠮᠦᠨ᠎ᠡ ᠠᠭᠠᠷ ᠤᠨ ᠠᠶᠠᠯᠠᠯ ᠤᠨ ᠪᠣᠭᠤᠮᠲᠠ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ | ᠪᠠᠶᠢᠭᠤᠯᠤᠨ ᠳᠠᠭᠤᠰᠬᠠᠬᠤ ᠶᠢᠨ ᠬᠠᠮᠲᠤ᠂ ᠲᠣᠭᠲᠠᠭᠰᠠᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠷᠢᠳᠴᠢᠯᠠᠨ ᠲᠥᠯᠥᠪᠯᠡᠨ᠎ᠡ᠃ ᠱᠧᠩ ᠯᠧ ᠣᠯᠠᠨ | ᠤᠯᠤᠰ ᠤᠨ ᠨᠢᠰᠬᠡᠯ ᠤᠨ ᠪᠠᠭᠤᠳᠠᠯ ᠤᠨ ᠪᠣᠭᠤᠮᠲᠠ ᠥᠩᠭᠡᠷᠡᠬᠦ ᠪᠡᠯᠡᠳᠬᠡᠮᠵᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠶᠠᠭ ᠬᠢᠨᠠᠨ ᠵᠥᠪᠰᠢᠶᠡᠷᠡᠭᠦᠯᠵᠦ ᠪᠠᠶᠢᠨ᠎ᠠ᠃ | ᠭᠤᠷᠪᠠ ᠳᠤ᠂ ᠣᠷᠣᠨ ᠪᠦᠰᠡ ᠠᠯᠤᠰᠯᠠᠭᠰᠠᠨ ᠣᠯᠠᠨ ᠶᠠᠩᠵᠤ ᠶᠢᠨ ᠬᠤᠯᠪᠣᠭᠠᠯᠠᠭᠰᠠᠨ ᠲᠡᠭᠡᠭᠡᠪᠦᠷᠢ ᠶᠢ | ᠠᠬᠢᠭᠤᠯᠵᠤ ᠪᠠᠶᠢᠨ᠎ᠠ᠃ ᠲᠢᠶᠠᠨᠵᠢᠨ ᠭᠠᠷᠠᠮ ᠪᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠲᠥᠷᠥ ᠶᠢᠨ ᠪᠣᠳᠣᠯᠭ᠎ᠠ ᠶᠢᠨ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠳᠠᠯᠠᠢ ᠶᠢᠨ ᠵᠠᠮ ᠪᠠ | ᠲᠡᠮᠦᠷ ᠵᠠᠮ ᠤᠨ ᠬᠤᠯᠪᠣᠭᠠᠯᠠᠭᠰᠠᠨ ᠲᠡᠭᠡᠭᠡᠪᠦᠷᠢ ᠪᠠ ᠳᠣᠲᠣᠭᠠᠳᠤ ᠬᠠᠭᠤᠷᠠᠢ ᠶᠢᠨ ᠭᠠᠶᠢᠯᠢ ᠪᠠᠲᠤᠯᠠᠬᠤ | ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ᠃ | | | ᠬᠥᠲᠥᠯᠥᠭᠴᠢ᠄ | ᠮᠠᠨ ᠤ ᠬᠤᠲᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠡᠭᠡᠨ ︽ᠴᠢᠯᠦᠭᠡᠲᠦ ᠠᠷᠠᠯᠵᠢᠶᠠᠨ ᠤ | ᠣᠷᠣᠨ ᠤ ᠡᠭᠦᠳᠦᠨ ᠪᠠᠶᠢᠭᠤᠯᠬᠤ ᠢᠨᠵᠧᠨᠧᠷᠢᠩ ᠢ ︿ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ﹀᠂ ᠳᠤᠮᠳᠠᠳᠤ | ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠬᠡᠬᠤᠲᠠ ᠶᠢᠨ ᠲᠥᠪ | ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃︾ ᠭᠡᠵᠦ ᠲᠣᠳᠣᠷᠬᠠᠢ ᠳᠤᠷᠠᠳᠤᠭᠰᠠᠨ ᠪᠢᠯᠡ᠃ | ᠴᠢᠯᠦᠭᠡᠲᠦ ᠠᠷᠠᠯᠵᠢᠶᠠᠨ ᠤ ᠣᠷᠣᠨ ᠶᠢ ᠭᠤᠶᠤᠴᠢᠯᠠᠨ ᠪᠠᠶᠢᠭᠤᠯᠬᠤ ᠠᠵᠢᠯ ᠣᠳᠣᠬᠠᠨ ᠳᠤ ᠶᠠᠮᠠᠷ ᠠᠬᠢᠴᠠ ᠲᠠᠢ | ᠪᠠᠶᠢᠨ᠎ᠠ︖ | | | ᠲᠠᠨ ᠶᠢᠨ ᠯᠦᠩ᠄ | ︽ᠴᠢᠯᠦᠭᠡᠲᠦ ᠠᠷᠠᠯᠵᠢᠶᠠᠨ ᠤ ᠣᠷᠣᠨ ᠤ ᠡᠭᠦᠳᠦᠨ ᠪᠠᠶᠢᠭᠤᠯᠬᠤ ᠢᠨᠵᠧᠨᠧᠷᠢᠩ︾ ᠨᠢ ᠥᠪᠡᠷᠲᠡᠭᠡᠨ ᠵᠠᠰᠠᠬᠤ | ᠣᠷᠣᠨ ᠤ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠭᠰᠠᠨ ᠤ ᠬᠤᠪᠢ ᠳᠤ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠠᠶᠢᠭᠤᠯᠬᠤ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ᠃ ᠮᠠᠨ ᠤ ᠬᠤᠲᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠴᠢᠯᠦᠭᠡᠲᠦ ᠠᠷᠠᠯᠵᠢᠶᠠᠨ ᠤ ᠣᠷᠣᠨ ᠤ ᠡᠭᠦᠳᠦᠨ ᠪᠠᠶᠢᠭᠤᠯᠬᠤ ᠢᠨᠵᠧᠨᠧᠷᠢᠩ ᠢ ᠪᠦᠬᠦ | ᠬᠤᠲᠠ ᠶᠢᠨ ᠭᠠᠳᠠᠭᠰᠢ ᠨᠡᠭᠡᠭᠡᠯᠲᠡ ᠬᠢᠬᠦ ᠠᠵᠢᠯ ᠤᠨ ᠲᠡᠷᠢᠭᠦᠨ ᠴᠢᠬᠤᠯᠠ ᠶᠡᠭᠡ ᠤᠴᠢᠷ ᠪᠣᠯᠭᠠᠨ ᠲᠦᠯᠬᠢᠨ | ᠠᠬᠢᠭᠤᠯᠵᠤ᠂ ᠲᠤᠰᠬᠠᠢ ᠠᠵᠢᠯ ᠤᠨ ᠠᠩᠭᠢ ᠭᠠᠷᠭᠠᠨ ᠥᠪᠡᠷᠲᠡᠭᠡᠨ ᠵᠠᠰᠠᠬᠤ ᠣᠷᠣᠨ ᠤ ᠭᠤᠶᠤᠴᠢᠯᠠᠨ ᠪᠠᠶᠢᠭᠤᠯᠬᠤ | ᠠᠵᠢᠯ ᠳᠤ ᠢᠳᠡᠪᠬᠢᠲᠡᠢ ᠬᠠᠮᠵᠢᠯᠴᠠᠵᠤ᠂ ︽ᠴᠢᠯᠦᠭᠡᠲᠦ ᠠᠷᠠᠯᠵᠢᠶᠠᠨ ᠤ ᠣᠷᠣᠨ ᠤ ᠡᠭᠦᠳᠦᠨ ᠪᠠᠶᠢᠭᠤᠯᠬᠤ | ᠢᠨᠵᠧᠨᠧᠷᠢᠩ ᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠲᠣᠭᠲᠠᠭᠠᠨ ᠲᠠᠷᠬᠠᠭᠠᠵᠤ᠂ ᠥᠭᠡᠷᠡᠴᠢᠯᠡᠯᠲᠡ | ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠪᠠᠨ ᠲᠦᠷᠭᠡᠳᠬᠡᠪᠡ᠃ | ᠥᠪᠡᠷᠲᠡᠭᠡᠨ ᠵᠠᠰᠠᠬᠤ ᠣᠷᠣᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ | ᠪᠠᠶᠢᠭᠤᠯᠬᠤ ᠪᠠᠷ ᠭᠤᠶᠤᠴᠢᠯᠠᠭᠰᠠᠨ ᠠᠴᠠ ᠨᠠᠭᠠᠰᠢ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠭᠤᠶᠤᠴᠢᠯᠠᠨ | ᠪᠠᠶᠢᠭᠤᠯᠬᠤ ᠲᠤᠰᠬᠠᠢ ᠠᠩᠭᠢ ᠶᠢᠨ ᠭᠠᠵᠠᠷ ᠰᠣᠩᠭᠤᠬᠤ᠂ ᠲᠥᠰᠥᠯ ᠲᠣᠭᠲᠠᠭᠠᠬᠤ᠂ ᠡᠭᠦᠷᠭᠡ ᠶᠢ ᠰᠤᠳᠤᠯᠬᠤ ᠵᠡᠷᠭᠡ | ᠲᠠᠯ᠎ᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠬᠠᠮᠵᠢᠯᠴᠠᠪᠠ᠃ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠶᠠᠪᠤᠴᠠ ᠳᠤ᠂ ᠮᠠᠨ ᠤ ᠬᠤᠲᠠ ︽ᠡᠭᠦᠳᠬᠦ ᠪᠠᠷ ᠪᠠᠶᠢᠭᠤᠯᠬᠤ ᠶᠢ | ᠠᠬᠢᠭᠤᠯᠬᠤ᠂ ᠡᠭᠦᠳᠬᠦ ᠶᠢᠨ ᠳᠠᠭᠠᠤ ᠪᠠᠶᠢᠭᠤᠯᠬᠤ︾ ᠵᠠᠷᠴᠢᠮ ᠢ ᠪᠠᠷᠢᠮᠲᠠᠯᠠᠨ᠂ ᠨᠢᠭᠡ ᠪᠦᠯᠦᠭ ︽ᠬᠡᠷᠡᠭ ᠤᠴᠢᠷ | ᠭᠦᠢᠴᠡᠳᠬᠡᠬᠦ ᠠᠷᠭ᠎ᠠ ᠵᠠᠮ︾ ᠢ ᠨᠠᠪᠲᠠᠷᠡᠭᠦᠯᠵᠦ᠂ ᠨᠢᠭᠡ ᠪᠦᠯᠦᠭ ︽ᠠᠷᠠᠯᠵᠢᠶᠠᠨ ᠤ ᠰᠢᠰᠲ᠋ᠧᠮᠵᠢ︾ ᠶᠢ ᠪᠦᠲᠦᠭᠡᠵᠦ᠂ | ᠨᠢᠭᠡ ᠪᠦᠯᠦᠭ ︽ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ︾ ᠶᠢ ᠪᠠᠶᠢᠷᠢᠰᠢᠭᠤᠯᠵᠤ᠂ ᠨᠢᠭᠡ ᠪᠦᠯᠦᠭ | ︽ᠥᠷᠢᠰᠦᠯᠳᠦᠭᠡᠨ ᠤ ᠡᠨᠧᠷᠭᠢ ᠶᠢᠨ ᠲᠡᠰ︾ ᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ | ᠡᠭᠦᠷᠭᠡ ᠶᠢᠨ ᠰᠠᠭᠤᠷᠢᠨ ᠳᠡᠭᠡᠷ᠎ᠡ ᠨᠢᠭᠡ ᠪᠦᠯᠦᠭ ᠵᠡᠷᠭᠡ ᠪᠠᠷ ᠬᠡᠷᠡᠭᠵᠢᠭᠦᠯᠬᠦ ᠭᠤᠣᠯᠳᠠᠯᠭ᠎ᠠ ᠲᠠᠢ ᠡᠭᠦᠷᠭᠡ ᠶᠢ | ᠨᠠᠷᠢᠯᠢᠭᠵᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠢ ᠲᠣᠭᠲᠠᠭᠠᠨ ᠠᠬᠢᠭᠤᠯᠬᠤ ᠪᠠᠨ ᠲᠦᠷᠭᠡᠳᠬᠡᠪᠡ᠃ ᠮᠠᠨ ᠤ | ᠬᠤᠲᠠ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠵᠠᠪᠳᠤᠨ ᠵᠢᠱᠢᠶ᠎ᠡ | ᠦᠵᠡᠭᠦᠯᠦᠨ ᠬᠥᠲᠥᠯᠥᠨ ᠵᠢᠯᠤᠭᠤᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠩ ᠣᠯᠠᠨ ᠰᠢᠯᠢᠳᠡᠭ ᠠᠵᠤ | ᠠᠬᠤᠶᠢᠯᠠᠯ ᠪᠠ ᠡᠬᠢ ᠪᠠᠶᠠᠯᠢᠭ ᠢ ᠲᠠᠲᠠᠨ ᠲᠥᠪᠯᠡᠷᠡᠭᠦᠯᠬᠦ ᠪᠣᠯᠣᠨ᠎ᠠ᠃ ᠡᠭᠦᠨ ᠤ ᠬᠠᠮᠲᠤ ᠬᠦᠯᠢᠶᠡᠵᠦ ᠲᠦᠰᠢᠬᠦ | ᠰᠡᠳᠬᠢᠯ ᠢᠶᠠᠨ ᠲᠠᠶᠠᠭᠳᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢᠶᠠᠨ ᠳᠡᠯᠭᠡᠷᠡᠭᠦᠯᠦᠨ ᠬᠠᠭᠤᠯᠪᠤᠷᠢᠯᠠᠬᠤ ᠪᠠ ᠡᠭᠦᠳᠦᠨ ᠪᠠᠶᠢᠭᠤᠯᠬᠤ ᠠᠵᠢᠯ ᠢᠶᠠᠨ | ᠳ᠋ᠦᠩᠨᠡᠵᠦ ᠰᠠᠶᠢᠵᠢᠷᠠᠭᠤᠯᠬᠤ ᠶᠢ ᠰᠠᠶᠢᠲᠤᠷ ᠬᠢᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ | ᠪᠠᠶᠢᠭᠤᠯᠬᠤ ᠪᠠᠷ ᠳᠠᠮᠵᠢᠭᠤᠯᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠳᠤ ᠬᠤᠷᠳᠤᠴᠠ ᠨᠡᠮᠡᠵᠦ᠂ ᠮᠠᠨ ᠤ | ᠬᠤᠲᠠ ᠶᠢᠨ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | | | ᠬᠠᠮᠢᠶᠠᠷᠤᠭᠴᠢ᠄ | ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠠᠨ ᠶᠢᠨ ᠯᠦᠩ ᠳᠤ ᠲᠠᠯᠠᠷᠬᠠᠯ᠎ᠠ᠂ ᠥᠷᠭᠡᠨ ᠣᠯᠠᠨ | ᠰᠦᠯᠵᠢᠶᠡᠨ ᠤ ᠨᠠᠶᠢᠵᠠ ᠶᠢᠨ ᠠᠩᠬᠠᠷᠤᠯ ᠢᠶᠠᠨ ᠬᠠᠨᠳᠤᠭᠤᠯᠵᠤ ᠣᠷᠣᠯᠴᠠᠭᠰᠠᠨ ᠳᠤ ᠲᠠᠯᠠᠷᠬᠠᠯ᠎ᠠ᠂ ᠡᠨᠡ ᠤᠳᠠᠭᠠᠨ ᠤ | ᠰᠣᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠃ | |