ᠡᠷᠭᠦᠨ ᠲᠡᠵᠢᠭᠡᠬᠦ ᠶᠢ ᠳᠠᠩᠰᠠᠯᠠᠬᠤ ᠠᠴᠠ ᠡᠮᠦᠨ᠎ᠡ ᠠᠯᠪᠠᠨ ᠵᠠᠷ ( ᠬᠤᠶᠠᠷ)
ᠨᠡᠶᠢᠲᠡᠯᠡᠭᠰᠡᠨ ᠴᠠᠭ᠄
2024/5/17
     2020 ᠣᠨ ᠤ 1 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ 8᠄ 46 ᠮᠢᠨᠦ᠋ᠲ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠵᠠᠮ ᠤᠨ ᠲᠣᠮᠢᠯᠠᠭᠰᠠᠨ ᠰᠠᠯᠪᠤᠷᠢ ᠴᠠᠭᠳᠠᠭ᠎ᠠ ᠳᠤ ᠮᠡᠳᠡᠭᠦᠯᠦᠯᠲᠡ ᠶᠢ ᠲᠣᠰᠴᠤ᠂ ᠰᠠᠶᠢᠬᠠᠨ ᠲᠣᠭᠤᠷᠢᠭ ᠤᠨ ᠵᠠᠨ ᠳ᠋ᠦᠩ ᠵᠠᠮ ᠤᠨ ᠾᠦᠢ ᠮᠢᠨ ᠲᠣᠭᠤᠷᠢᠭ ᠤᠨ 3 ᠳ᠋ᠤᠭᠠᠷ ᠠᠰᠠᠷ ᠤᠨ 1 ᠬᠡᠰᠡᠭ ᠠᠰᠠᠷ ᠲᠤ ᠨᠢᠭᠡ ᠬᠠᠶᠠᠭᠳᠠᠭᠰᠠᠨ ᠨᠢᠯᠬ᠎ᠠ ᠬᠡᠦᠬᠡᠳ  ᠪᠠᠶᠢᠬᠤ ᠶᠢ ᠣᠯᠵᠦ ᠬᠠᠷᠠᠵᠠᠢ᠃  ᠬᠦᠢᠰᠦ᠄ ᠡᠮᠡᠭᠲᠡᠢ᠃  2020 ᠣᠨ ᠤ 1 ᠰᠠᠷ᠎ᠠ ᠶᠢᠨ 19 ᠤ ᠡᠳᠦᠷ ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠭᠡᠵᠦ᠂ ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠨᠢ 2023 ᠣᠨ ᠤ 3 ᠰᠠᠷ᠎ᠠ ᠶᠢᠨ 13 ᠤ ᠡᠳᠦᠷ ᠰᠣᠨᠢᠨ ᠳᠡᠭᠡᠷ᠎ᠡ ᠬᠠᠶᠠᠵᠤ ᠣᠷᠬᠢᠭᠳᠠᠭᠰᠠᠨ ᠨᠢᠯᠬ᠎ᠠ ᠠᠰᠠᠷᠠᠨ ᠬᠠᠮᠠᠭᠠᠯᠠᠭᠴᠢ ᠶᠢ ᠡᠷᠢᠵᠦ᠂ ᠣᠲᠣ ᠪᠣᠯᠲᠠᠯ᠎ᠠ ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ  ᠳᠤ ᠪᠣᠢ᠃                  ᠥᠷᠭᠡᠨ ᠲᠡᠵᠢᠭᠡᠬᠦ ᠭᠡᠷ ᠪᠦᠯᠢ ᠲᠤᠰ ᠬᠡᠦᠬᠡᠳ ᠢ ᠥᠷᠭᠡᠨ ᠲᠡᠵᠢᠭᠡᠬᠦ ᠬᠦᠰᠡᠮᠵᠢᠯᠡᠯ ᠭᠠᠷᠭᠠᠬᠤ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠨᠡᠶᠢᠭᠡᠮ ᠳᠠᠶᠠᠭᠠᠷ ᠲᠤ ᠵᠠᠷᠯᠠᠨ ᠨᠡᠶᠢᠲᠡᠯᠡᠨ᠎ᠡ᠃ ᠬᠡᠷᠪᠡ ᠰᠡᠵᠢᠭ ᠲᠠᠢ ᠪᠣᠯ ᠵᠠᠷᠯᠠᠨ ᠨᠡᠶᠢᠲᠡᠯᠡᠭᠰᠡᠨ 60 ᠡᠳᠦᠷ ᠤᠨ ᠳᠣᠲᠣᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠲᠤᠰᠭ ᠠᠭᠠᠷᠠᠢ᠃ ᠰᠠᠶᠢᠬᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠡᠭᠦᠨ ᠤ ᠲᠥᠷᠥᠭᠰᠡᠨ ᠠᠪᠤ ᠡᠵᠢ ᠪᠠᠨ ᠡᠷᠢᠵᠦ ᠣᠯᠬᠤ ᠦᠭᠡᠢ ᠬᠠᠶᠠᠭᠳᠠᠮᠠᠯ ᠨᠢᠯᠬ᠎ᠠ ᠬᠡᠦᠬᠡᠳ ᠢᠶᠠᠷ ᠦᠵᠡᠬᠦ ᠪᠥᠭᠡᠳ ᠲᠡᠭᠦᠨ ᠳᠤ ᠡᠷᠭᠦᠨ ᠲᠡᠵᠢᠭᠡᠬᠦ ᠭᠠᠷᠳᠠᠮ ᠭᠦᠢᠴᠡᠳᠬᠡᠨ᠎ᠡ᠃                                                    ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠶᠢᠨ ᠶᠠᠪᠤᠳᠠᠯ ᠤᠨ ᠲᠣᠪᠴᠢᠶ᠎ᠠ                                                                                       2024 ᠣᠨ ᠤ 5 ᠰᠠᠷ᠎ᠠ ᠶᠢᠨ 16 ᠤ ᠡᠳᠦᠷ              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号