ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠡᠯᠪᠡᠷᠢ ᠶᠢᠨ ᠬᠦᠰᠦᠨᠦᠭᠲᠦ ᠵᠢᠴᠢ ᠰᠢᠨ᠎ᠡ ᠬᠡᠪᠯᠡᠯ ᠤᠨ ᠪᠠᠶᠢᠴᠠᠭᠠᠨ ᠯᠠᠪᠯᠠᠬᠤ ᠦᠷ᠎ᠡ ᠳ᠋ᠦᠩ ᠤᠨ ᠮᠡᠳᠡᠭᠳᠡᠯ ᠤᠨ ᠬᠠᠭᠤᠳᠠᠰᠤ ᠶᠢ ᠡᠬᠢᠯᠡᠨ ᠬᠡᠷᠡᠭᠵᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/5/17
     ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠪᠠ ᠠᠵᠢᠯ ᠡᠷᠬᠢᠯᠡᠵᠦ ᠪᠠᠶᠢᠭ᠎ᠠ ᠣᠯᠠᠨ ᠲᠦᠮᠡᠨ ᠳᠤ᠄            ︽ᠥᠨᠳᠥᠷ ᠪᠦᠲᠦᠮᠵᠢᠲᠡᠶ ᠪᠠᠷ ᠨᠢᠭᠡ ᠤᠴᠢᠷ ᠢ ᠭᠦᠢᠴᠡᠳᠬᠡᠬᠦ︾ ᠶᠢ  ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠂ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠣᠲᠣ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠃            ᠨᠢᠭᠡ᠂ ᠭᠤᠣᠯ ᠠᠪᠴᠠᠭᠠᠨ ᠤ ᠡᠷᠬᠡ ᠶᠢᠨ ᠭᠡᠷ᠎ᠡ ᠵᠢᠴᠢ ᠪᠠᠷᠢᠴᠠᠭᠠᠯᠠᠬᠤ ᠭᠡᠷ᠎ᠡ ᠶᠢᠨ ᠬᠦᠰᠦᠨᠦᠭᠲᠦ            2024 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ ᠠᠴᠠ ᠡᠬᠢᠯᠡᠨ᠂ ᠪᠡᠷᠢᠴᠠᠭᠠᠨ ᠤ ᠡᠷᠬᠡᠲᠦ ᠬᠥᠮᠥᠨ ᠨᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠠᠯᠠᠭ᠎ᠠ ᠮᠥᠴᠢᠷ ᠪᠤᠶᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠪᠠᠯ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ︽ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠪᠠᠷᠢᠴᠠᠭᠠᠯᠠᠬᠤ ᠡᠷᠬᠡ ᠶᠢ ᠬᠤᠪᠢᠷᠠᠭᠤᠯᠬᠤ ᠳᠠᠩᠰᠠᠯᠠᠯᠲᠠ ᠶᠢᠨ ᠭᠤᠣᠯ ᠠᠪᠴᠠᠭᠠᠨ ᠤ ᠭᠡᠷ᠎ᠡ ᠵᠢᠴᠢ ᠪᠠᠷᠢᠴᠠᠭᠠᠯᠠᠬᠤ ᠭᠡᠷ᠎ᠡ ᠶᠢᠨ ᠬᠦᠰᠦᠨᠦᠭᠲᠦ︾᠂ ︽ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠪᠠᠷᠢᠴᠠᠭᠠᠯᠠᠬᠤ ᠡᠷᠬᠡ ᠶᠢ ᠰᠢᠯᠵᠢᠭᠦᠯᠬᠦ ᠳᠠᠩᠰᠠᠯᠠᠯᠲᠠ ᠶᠢᠨ ᠭᠤᠣᠯ ᠠᠪᠴᠠᠭᠠᠨ ᠤ ᠭᠡᠷ᠎ᠡ ᠵᠢᠴᠢ ᠪᠠᠷᠢᠴᠠᠭᠠᠯᠠᠬᠤ ᠭᠡᠷ᠎ᠡ ᠶᠢᠨ ᠬᠦᠰᠦᠨᠦᠭᠲᠦ︾ ᠶᠢ ᠵᠡᠷᠭᠡ ᠪᠠᠷ ᠡᠬᠢᠯᠡᠨ ᠬᠡᠷᠡᠭᠵᠢᠭᠦᠯᠦᠨ᠎ᠡ᠃            ᠰᠢᠨ᠎ᠡ ︽ᠭᠡᠷ᠎ᠡ ᠶᠢᠨ ᠬᠦᠰᠦᠨᠦᠭᠲᠦ︾ ᠶᠢ ᠡᠬᠢᠯᠡᠨ ᠬᠡᠷᠡᠭᠯᠡᠭᠰᠡᠨ ᠤ ᠳᠠᠷᠠᠭ᠎ᠠ᠂ ᠪᠠᠷᠢᠴᠠᠭᠠᠯᠠᠬᠤ ᠡᠷᠬᠡ ᠶᠢ ᠬᠤᠪᠢᠷᠠᠭᠤᠯᠬᠤ ᠳᠠᠩᠰᠠᠯᠠᠯᠲᠠ ᠪᠠ ᠪᠠᠷᠢᠴᠠᠭᠠᠯᠠᠬᠤ ᠡᠷᠬᠡ ᠶᠢ ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠦᠶ᠎ᠡ ᠳᠤ᠂ ᠪᠡᠷᠢᠴᠠᠭᠠᠨ ᠤ ᠡᠷᠬᠡᠲᠦ ᠬᠥᠮᠥᠨ ᠨᠢ ᠡᠩ ᠤᠨ ᠪᠠᠶᠢᠳᠠᠯ ᠳᠤ ᠰᠢᠨ᠎ᠡ ︽ᠭᠡᠷ᠎ᠡ ᠶᠢᠨ ᠬᠦᠰᠦᠨᠦᠭᠲᠦ︾ ᠶᠢ ᠬᠠᠩᠭᠠᠬᠤ ᠬᠡᠷᠡᠭᠲᠡᠢ᠂ ᠬᠡᠷᠪᠡ ᠰᠢᠨ᠎ᠡ ︽ᠭᠡᠷ᠎ᠡ ᠶᠢᠨ ᠬᠦᠰᠦᠨᠦᠭᠲᠦ︾ ᠶᠢ ᠬᠡᠷᠡᠭᠯᠡᠬᠦ ᠪᠠᠷ ᠭᠤᠶᠤᠴᠢᠯᠠᠭᠰᠠᠨ ᠪᠣᠯ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠤᠤᠯ ᠤᠨ ︽ᠭᠤᠣᠯ ᠠᠪᠴᠠᠭᠠᠨ ᠤ ᠭᠡᠷ᠎ᠡ︾᠂ ︽ᠪᠠᠷᠢᠴᠠᠭᠠᠯᠠᠬᠤ ᠭᠡᠷ᠎ᠡ︾ ᠪᠠ ︽ᠪᠠᠲᠤᠯᠠᠭ᠎ᠠ ᠬᠢᠯᠭᠡᠭᠰᠡᠨ ᠭᠤᠣᠯ ᠠᠪᠴᠠᠭᠠᠨ ᠤ ᠡᠷᠬᠡ ᠶᠢ ᠰᠢᠯᠵᠢᠭᠦᠯᠦᠨ ᠥᠭᠬᠦ ᠬᠡᠯᠡᠯᠴᠡᠭᠡᠷ︾᠂ ︽ᠠᠪᠴᠠᠭᠠᠲᠠᠨ ᠨᠢᠭᠡᠨᠲᠡ ᠥᠭᠴᠡᠭᠡᠲᠡᠨ ᠳᠤ ᠮᠡᠳᠡᠭᠳᠡᠭᠰᠡᠨ ᠮᠠᠲ᠋ᠧᠷᠢᠶᠠᠯ︾ ᠢ ᠳᠠᠬᠢᠵᠤ ᠬᠤᠷᠢᠶᠠᠬᠤ ᠦᠭᠡᠢ᠃ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ︽ᠭᠡᠷ᠎ᠡ ᠶᠢᠨ ᠬᠦᠰᠦᠨᠦᠭᠲᠦ︾ ᠶᠢᠨ ᠠᠭᠤᠯᠭ᠎ᠠ ᠪᠠᠷ ᠪᠠᠷᠢᠮᠵᠢᠶ᠎ᠠ ᠪᠣᠯᠭᠠᠨ ᠬᠠᠮᠢᠶ᠎ᠠ ᠪᠦᠬᠦᠢ ᠳᠠᠩᠰᠠᠯᠠᠯᠲᠠ ᠬᠢᠵᠦ᠂ ᠪᠡᠷᠢᠴᠠᠭᠠᠨ ᠤ ᠡᠷᠬᠡᠲᠦ ᠬᠥᠮᠥᠨ ᠤ ᠬᠠᠩᠭᠠᠭᠰᠠᠨ ᠮᠠᠲ᠋ᠧᠷᠢᠶᠠᠯ ᠤᠨ ᠠᠭᠤᠯᠭ᠎ᠠ ᠨᠢ ᠨᠢᠭᠡᠳᠦᠯ ᠦᠭᠡᠢ ᠠᠴᠠ ᠪᠣᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠪᠡᠷᠢᠴᠠᠭᠠᠨ ᠤ ᠡᠷᠬᠡᠲᠦ ᠬᠥᠮᠥᠨ ᠡᠭᠦᠷᠭᠡᠯᠡᠨ᠎ᠡ᠃            ᠬᠤᠯᠪᠣᠭᠳᠠᠬᠤ ︽ᠭᠤᠣᠯ ᠠᠪᠴᠠᠭᠠᠨ ᠤ ᠡᠷᠬᠡ ᠶᠢᠨ ᠭᠡᠷ᠎ᠡ︾᠂ ︽ᠪᠠᠷᠢᠴᠠᠭᠠᠯᠠᠬᠤ ᠭᠡᠷ᠎ᠡ︾ ᠪᠣᠯᠣᠨ ︽ᠪᠠᠲᠤᠯᠠᠭ᠎ᠠ ᠬᠢᠯᠭᠡᠭᠰᠡᠨ ᠭᠤᠣᠯ ᠠᠪᠴᠠᠭᠠᠨ ᠤ ᠡᠷᠬᠡ ᠶᠢ ᠰᠢᠯᠵᠢᠭᠦᠯᠦᠨ ᠥᠭᠬᠦ ᠬᠡᠯᠡᠯᠴᠡᠭᠡᠷ︾᠂ ︽ᠠᠪᠴᠠᠭᠠᠲᠠᠨ ᠨᠢ ᠥᠭᠴᠡᠭᠡᠲᠡᠨ ᠳᠤ ᠨᠢᠭᠡᠨᠲᠡ ᠮᠡᠳᠡᠭᠳᠡᠭᠰᠡᠨ ᠮᠠᠲ᠋ᠧᠷᠢᠶᠠᠯ︾ ᠢ ᠪᠡᠷᠢᠴᠠᠭᠠᠨ ᠤ ᠡᠷᠬᠡᠲᠦ ᠬᠥᠮᠥᠨ ᠥᠪᠡᠷ ᠢᠶᠠᠨ ᠬᠠᠳᠠᠭᠠᠯᠠᠨ᠎ᠠ᠃            ᠬᠤᠶᠠᠷ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠮᠡᠳᠡᠭᠳᠡᠯ ᠤᠨ ᠬᠠᠭᠤᠳᠠᠰᠤ            2024 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ ᠠᠴᠠ ᠡᠬᠢᠯᠡᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠰᠦᠯᠵᠢᠶᠡᠨ ᠳᠡᠭᠡᠷ᠎ᠡ ᠬᠡᠷᠡᠭ ᠡᠷᠭᠢᠯᠡᠬᠦ ᠲᠢᠩᠬᠢᠮ᠂ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠪᠴᠢ ᠪᠠ ᠰᠢᠨ᠎ᠡ ᠬᠤᠲᠠ ᠲᠣᠭᠤᠷᠢᠭ ᠤᠨ ᠦᠢᠯᠡᠴᠢᠯᠡᠭᠡᠨ ᠤ ᠲᠢᠩᠬᠢᠮ ᠤᠨ ᠥᠪᠡᠰᠦᠪᠡᠨ ᠪᠠᠶᠢᠴᠠᠭᠠᠨ ᠯᠠᠪᠯᠠᠬᠤ ᠲᠥᠬᠦᠭᠡᠷᠦᠮᠵᠢ ᠶᠢ ᠰᠢᠨ᠎ᠡ ᠬᠡᠪᠯᠡᠯ ᠤᠨ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠷ᠎ᠡ ᠳ᠋ᠦᠩ ᠤᠨ ᠮᠡᠳᠡᠭᠳᠡᠯ ᠤᠨ ᠬᠠᠭᠤᠳᠠᠰᠤ︾ ᠲᠠᠢ ᠢᠵᠢᠯ ᠠᠯᠬᠤᠮ ᠢᠶᠠᠷ ᠡᠬᠢᠯᠡᠨ ᠬᠡᠷᠡᠭᠵᠢᠭᠦᠯᠦᠨ᠎ᠡ᠃ ᠪᠤᠰᠤᠳ ᠥᠪᠡᠰᠦᠪᠡᠨ ᠪᠠᠶᠢᠴᠠᠭᠠᠨ ᠯᠠᠪᠯᠠᠬᠤ ᠲᠥᠬᠦᠭᠡᠷᠦᠮᠵᠢ ᠨᠢ ᠪᠦᠬᠦᠨ ᠢᠶᠠᠷ ᠢᠶᠠᠨ ᠵᠡᠷᠭᠡ ᠳᠡᠰ ᠳᠡᠪᠰᠢᠬᠦ ᠠᠴᠠ ᠡᠮᠦᠨ᠎ᠡ᠂ ᠬᠠᠭᠤᠴᠢᠨ ᠬᠡᠪᠯᠡᠯ ᠤᠨ ᠪᠠᠶᠢᠴᠠᠭᠠᠨ ᠯᠠᠪᠯᠠᠬᠤ ᠦᠷ᠎ᠡ ᠳ᠋ᠦᠩ ᠤᠨ ᠮᠡᠳᠡᠭᠳᠡᠯ ᠤᠨ ᠬᠠᠭᠤᠳᠠᠰᠤ ᠨᠢ ᠬᠠᠮᠲᠤ ᠳᠤᠨᠢ ᠬᠦᠴᠦᠨ ᠲᠠᠢ᠃            ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号