︽ᠬᠥᠬᠡᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/17
     ᠨᠢᠭᠡ᠂ ᠲᠣᠭᠲᠠᠭᠠᠭᠰᠠᠨ ᠠᠬᠤᠢ ᠪᠠᠶᠢᠳᠠᠯ            ︽3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ  ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 15 ᠳ᠋ᠤᠭᠠᠷ ᠲᠣᠭᠠᠲᠤ︶ ᠪᠠ ︽︿ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠪᠬᠢ ᠦᠷᠡᠵᠢᠯ ᠤᠨ ᠳᠡᠮᠵᠢᠯᠭᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ﹀  ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 16  ᠰᠠᠯᠠᠭ᠎ᠠ ᠮᠥᠴᠢᠷ ᠤᠨ ᠮᠡᠳᠡᠭᠳᠡᠯ︾ ︵ᠥᠪᠥᠷ ᠬᠠᠮᠠᠭᠠᠯᠠᠯ ᠵᠢᠷᠤᠮᠵᠢᠯ ﹇2022﹈ 4 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠤ ᠲᠥᠪ  ᠬᠤᠳᠠ ᠶᠢᠨ ᠬᠥᠮᠥᠨ ᠠᠮᠠ ᠶᠢᠨ ᠭᠤᠤᠷᠰᠤᠨ ᠰᠣᠷᠣᠭᠤᠯ ᠤᠨ ᠦᠢᠯᠡᠳᠦᠯ ᠢ ᠤᠯᠠᠮ ᠨᠢᠭᠡ ᠠᠯᠬᠤᠮ ᠥᠷᠭᠡᠳᠬᠡᠨ᠂ ︽ᠬᠥᠬᠡᠬᠤᠲᠠ ᠶᠢᠨ ᠨᠢᠯᠬ᠎ᠠ ᠬᠡᠦᠬᠡᠳ ᠢ  ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠢ  ᠲᠣᠭᠲᠠᠭᠠᠪᠠ᠃            ᠬᠤᠶᠠᠷ᠂ ᠭᠤᠣᠯ ᠠᠭᠤᠯᠭ᠎ᠠ            ︽ᠠᠷᠭ᠎ᠠ ᠬᠡᠮᠵᠢᠶ᠎ᠡ︾ ᠨᠢ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ᠂ ᠲᠦᠭᠡᠮᠡᠯ ᠬᠠᠷᠠᠭᠠᠯᠵᠠᠯ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ  ᠶᠡᠬᠡᠪᠡᠷ ᠬᠥᠭᠵᠢᠭᠦᠯᠬᠦ᠂ ᠬᠡᠦᠬᠡᠳ ᠠᠰᠠᠷᠠᠬᠤ ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠭᠤᠷᠪᠠᠨ ᠲᠠᠯ᠎ᠠ ᠠᠴᠠ 12 ᠵᠣᠷᠪᠣᠰ ᠠᠷᠭ᠎ᠠ  ᠬᠡᠮᠵᠢᠶ᠎ᠡ ᠲᠣᠭᠲᠠᠭᠠᠪᠠ᠃            ︵ᠨᠢᠭᠡ︶ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ ᠶᠢᠨ ᠲᠠᠯ᠎ᠠ ᠪᠠᠷ᠂ ︽ᠭᠡᠷ ᠪᠦᠯᠢ ᠶᠢᠨ ᠬᠡᠦᠬᠡᠳ ᠥᠰᠬᠡᠬᠦ ᠥᠪᠡᠷ ᠤᠨ ᠥᠷᠲᠡᠭ ᠢ  ᠪᠠᠭᠤᠷᠠᠭᠤᠯᠬᠤ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠬᠤ᠂ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ ᠶᠢ  ᠨᠡᠮᠡᠭᠳᠡᠭᠦᠯᠬᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠠᠰᠠᠷᠠᠬᠤ ᠬᠥᠭᠵᠢᠯᠲᠡ ᠶᠢ ᠠᠬᠢᠭᠤᠯᠬᠤ᠂ ᠭᠡᠷ ᠪᠦᠯᠢ ᠶᠢᠨ ᠬᠡᠦᠬᠡᠳ ᠠᠰᠠᠷᠠᠬᠤ ᠵᠢᠯᠣᠭᠤᠳᠤᠯᠭ᠎ᠠ ᠶᠢ  ᠴᠢᠩᠭᠠᠳᠬᠠᠬᠤ︾ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠭᠤᠷᠪᠠᠨ ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠭᠡᠷ  ᠪᠦᠯᠢ ᠶᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠴᠠ ᠬᠠᠰᠤᠵᠤ ᠬᠡᠯᠲᠦᠷᠢᠭᠦᠯᠬᠦ ᠲᠤᠰᠬᠠᠢ ᠵᠦᠢᠯ ᠤᠨ ᠨᠡᠮᠡᠯᠲᠡ ᠂ ᠨᠢᠭᠡ ᠤᠳᠠᠭ᠎ᠠ ᠶᠢᠨ  ᠴᠢᠨᠠᠷᠲᠠᠢ ᠬᠡᠦᠬᠡᠳ ᠥᠰᠬᠡᠬᠦ ᠨᠥᠬᠦᠪᠦᠷᠢ᠂ ᠠᠰᠠᠷᠠᠬᠤ ᠨᠥᠬᠦᠪᠦᠷᠢ ᠣᠯᠭᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ  ᠵᠢᠭᠡᠯᠡᠯᠭᠡ ᠶᠢᠨ ᠲᠤᠭ᠎ᠠ ᠶᠢ ᠳᠡᠭᠡᠭᠰᠢᠯᠡᠭᠦᠯᠵᠦ᠂ ᠬᠥᠩᠭᠡᠵᠢᠯᠲᠡ ᠶᠢᠨ ᠴᠢᠯᠦᠭᠡ᠂ ᠰᠤᠪᠢᠯᠠᠯᠲᠠ ᠶᠢᠨ ᠴᠢᠯᠦᠭᠡ ᠪᠠ ᠬᠡᠦᠬᠡᠳ ᠠᠰᠠᠷᠠᠬᠤ ᠴᠢᠯᠦᠭᠡ ᠶᠢ  ᠨᠠᠶᠢᠳᠠᠪᠤᠷᠢᠵᠢᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠤᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠦᠨᠳᠦᠰᠦᠨ ᠵᠦᠢᠯ ᠤᠨ  ᠪᠠᠲᠤᠯᠠᠭ᠎ᠠ ᠪᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠭᠡᠷ ᠪᠦᠯᠢ ᠶᠢᠨ  ᠥᠰᠬᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠭᠡᠷ ᠪᠦᠯᠢ ᠶᠢᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃            ︵ᠬᠤᠶᠠᠷ︶ ᠲᠦᠭᠡᠮᠡᠯ ᠬᠠᠷᠠᠭᠠᠯᠵᠠᠯ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠬᠡᠪᠡᠷ ᠬᠥᠭᠵᠢᠭᠦᠯᠬᠦ ᠲᠠᠯ᠎ᠠ ᠪᠠᠷ᠂ ︽ᠬᠡᠦᠬᠡᠳ ᠰᠠᠭᠠᠲᠠᠭᠤᠯᠬᠤ  ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠲᠦᠭᠡᠮᠡᠯ ᠬᠠᠷᠠᠭᠠᠯᠵᠠᠬᠤ ᠴᠢᠨᠠᠷᠲᠠᠢ ᠬᠡᠦᠬᠡᠳ ᠰᠠᠭᠠᠲᠠᠭᠤᠯᠬᠤ  ᠦᠢᠯᠡᠴᠢᠯᠡᠭᠡ ᠶᠢ ᠳᠡᠮᠵᠢᠬᠦ᠂ ᠭᠠᠶᠢᠯᠢ ᠰᠦᠢᠳᠬᠡᠯ ᠤᠨ ᠬᠠᠷᠠᠭᠠᠯᠵᠠᠯ ᠦᠵᠡᠭᠦᠯᠬᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ  ᠴᠤᠪᠤᠷᠠᠯ ᠢ ᠰᠢᠯᠢᠳᠡᠭᠵᠢᠭᠦᠯᠬᠦ᠂ ᠲᠦᠭᠡᠮᠡᠯ ᠬᠠᠷᠠᠭᠠᠯᠵᠠᠬᠤ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠬᠦ  ︾ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠡᠷᠡᠭᠯᠡᠬᠦ ᠤᠰᠤ᠂ ᠴᠠᠬᠢᠯᠭᠠᠨ᠂ ᠬᠡᠢ  ᠂ ᠢᠯᠴᠢ ᠳᠤ ᠰᠠᠭᠤᠭᠠᠯᠢ ᠠᠷᠠᠳ ᠲᠠᠢ ᠠᠮᠢᠳᠤᠷᠠᠯ ᠤᠨ ᠦᠨ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠳᠠᠩᠰᠠᠯᠠᠭᠤᠯᠤᠭᠰᠠᠨ ᠲᠦᠭᠡᠮᠡᠯ ᠬᠠᠷᠠᠭᠠᠯᠵᠠᠯᠲᠤ  ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠵᠣᠬᠢᠬᠤ ᠬᠡᠮᠵᠢᠶᠡᠨ ᠤ ᠡᠵᠡᠩᠨᠡᠯᠲᠡ ᠪᠠ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠵᠤ᠂ ᠰᠢᠨ᠎ᠡ ᠪᠠᠷ  ᠪᠠᠶᠢᠭᠤᠯᠤᠭᠰᠠᠨ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ᠂ ᠭᠠᠵᠠᠷ ᠰᠢᠷᠣᠢ ᠶᠢᠨ ᠬᠠᠮᠢᠶ᠎ᠠ ᠪᠦᠬᠦᠢ  ᠭᠠᠶᠢᠯᠢ ᠰᠦᠢᠳᠬᠡᠯ ᠲᠤᠰᠢᠶᠠᠬᠤ ᠶᠢ ᠭᠦᠢᠴᠡᠳᠬᠡᠬᠦ ᠦᠶ᠎ᠡ ᠳᠤ ᠬᠠᠰᠤᠵᠤ ᠬᠡᠯᠲᠦᠷᠢᠭᠦᠯᠦᠨ᠎ᠡ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ  ᠳᠡᠭᠡᠭᠰᠢᠯᠡᠭᠦᠯᠵᠦ᠂ ᠨᠥᠬᠦᠴᠡᠯ ᠲᠠᠢ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠰᠤᠯᠠ ᠲᠠᠯᠪᠢᠵᠤ ᠪᠠᠶᠢᠭ᠎ᠠ ᠠᠵᠢᠯᠯᠠᠬᠤ ᠭᠠᠵᠠᠷ ᠢᠶᠠᠨ  ᠠᠰᠢᠭᠯᠠᠨ ᠲᠤᠰᠠᠭᠠᠷ ᠪᠤᠶᠤ ᠬᠠᠮᠢᠶ᠎ᠠ ᠪᠦᠬᠦᠢ ᠨᠢᠭᠡᠴᠢ ᠲᠠᠢ ᠬᠠᠮᠲᠤᠷᠠᠨ ᠡᠷᠭᠢᠯᠡᠬᠦ ᠠᠷᠭ᠎ᠠ ᠮᠠᠶ᠋ᠢᠭ ᠢᠶᠠᠷ ᠠᠵᠢᠯᠲᠠᠨ ᠠᠵᠢᠯᠴᠢᠨ ᠳᠤ ᠲᠦᠭᠡᠮᠡᠯ ᠬᠠᠷᠠᠭᠠᠯᠵᠠᠯ ᠤᠨ  ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ  ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠬᠡᠷᠡᠭᠴᠡᠭᠡ ᠱᠠᠭᠠᠷᠳᠠᠯᠭ᠎ᠠ ᠲᠠᠢ ᠬᠤᠲᠠ ᠶᠢᠨ ᠠᠷᠠᠳ ᠲᠤ ᠶᠠᠰᠤ ᠴᠢᠨᠠᠷ ᠨᠢ  ᠪᠠᠲᠤᠯᠠᠭ᠎ᠠ ᠲᠠᠢ᠂ ᠦᠨ᠎ᠡ ᠬᠠᠩᠰᠢ ᠨᠢ ᠳᠠᠭᠠᠭᠠᠵᠤ ᠳᠡᠶᠢᠯᠬᠦ᠂ ᠲᠥᠬᠦᠮ ᠬᠢᠮᠳᠠ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠨ᠎ᠠ᠃ ᠲᠦᠭᠡᠮᠡᠯ  ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ  ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠭᠤᠷᠪᠠᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ ᠬᠥᠬᠡᠬᠤᠲᠠ ᠶᠢᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ  ︶︾ ︵ᠬᠥᠬᠡᠬᠤᠲᠠ ᠡᠷᠡᠭᠦᠯ ᠬᠠᠮᠠᠭᠠᠯᠠᠯ ᠥᠰᠥᠭ ﹇2024﹈ 30 ᠳ᠋ᠤᠭᠠᠷ ᠲᠣᠭᠠᠲᠤ︶ ᠪᠠᠷ ᠲᠣᠭᠲᠠᠭᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ  ᠮᠡᠨᠳᠦ ᠶᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠢᠯ ᠪᠦᠷᠢ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ  ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠪᠠᠶᠢᠭᠤᠯᠤᠮᠵᠢ ᠶᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃            ︵ᠭᠤᠷᠪᠠ︶ ᠬᠡᠦᠬᠡᠳ ᠠᠰᠠᠷᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ ︽ᠬᠡᠦᠬᠡᠳ ᠠᠰᠠᠷᠠᠬᠤ ᠴᠢᠳᠠᠪᠤᠷᠢᠲᠠᠨ ᠤ  ᠡᠩᠨᠡᠭᠡ ᠶᠢ ᠶᠡᠬᠡᠪᠡᠷ ᠬᠥᠮᠥᠵᠢᠭᠦᠯᠬᠦ᠂ ᠡᠮᠴᠢᠯᠡᠭᠡ ᠪᠠ ᠬᠥᠮᠦᠵᠢᠯ ᠢ ᠤᠶᠠᠯᠳᠤᠭᠤᠯᠬᠤ︾ 2 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃  ᠬᠡᠦᠬᠡᠳ ᠠᠰᠠᠷᠠᠭᠴᠢ᠂ ᠬᠡᠦᠬᠡᠳ ᠬᠥᠮᠥᠵᠢᠭᠦᠯᠦᠭᠴᠢ ᠵᠡᠷᠭᠡ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠪᠥᠬᠦ ᠲᠣᠭᠠᠨ ᠤ ᠨᠥᠬᠦᠪᠦᠷᠢ ᠥᠭᠬᠦ ᠪᠠᠷ  ᠳᠠᠮᠵᠢᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠬᠡᠦᠬᠡᠳ ᠠᠰᠠᠷᠠᠬᠤ ᠪᠠᠶᠢᠭᠤᠯᠤᠮᠵᠢ ᠳᠤ ᠡᠷᠡᠭᠦᠯ ᠬᠠᠮᠠᠭᠠᠯᠠᠯ ᠡᠷᠡᠭᠦᠯᠵᠢᠯ ᠤᠨ  ᠵᠢᠯᠣᠭᠤᠳᠤᠯᠭ᠎ᠠ ᠪᠠ ᠮᠡᠳᠡᠯᠭᠡ ᠶᠢᠨ ᠲᠠᠶᠢᠯᠤᠮᠵᠢ ᠬᠢᠵᠦ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠡᠷᠦᠩᠬᠡᠢ ᠬᠢᠷᠢ ᠲᠦᠪᠰᠢᠨ ᠢ  ᠳᠡᠭᠡᠭᠰᠢᠯᠡᠭᠦᠯᠦᠨ᠎ᠡ᠃            ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ            ᠲᠠᠶᠢᠯᠤᠮᠵᠢ ᠬᠢᠭᠰᠡᠨ᠄ ᠽᠠᠩ ᠢᠦᠢ ᠹᠧᠢ︔ ᠬᠠᠷᠢᠯᠴᠠᠬᠤ ᠤᠲᠠᠰᠤ᠄ 0471-4606609        ᠤᠭ ᠪᠢᠴᠢᠭ ᠮᠠᠲ᠋ᠧᠷᠢᠶᠠᠯ ᠢ ᠤᠩᠰᠢᠬᠤ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号