ᠠᠵᠤ ᠠᠬᠤᠶᠢᠯᠠᠯ ᠣᠯᠠᠨ ᠲᠦᠮᠡᠨ ᠤ ᠣᠶᠢᠷ᠎ᠠ ᠬᠠᠪᠢ ᠳᠠᠭᠠᠨ ᠭᠦᠢᠴᠡᠳᠬᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/20
     ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠢᠳᠡᠪᠬᠢᠲᠡᠢ ᠪᠠᠷ ᠰᠢᠨ᠎ᠡ ᠶᠢ ᠡᠭᠦᠳᠴᠦ᠂ ︽ᠵᠠᠰᠠᠭ ᠤᠨ ᠶᠠᠪᠤᠳᠠᠯ ᠤᠨ ᠣᠳᠣᠨ ᠬᠡᠪ ᠳᠠᠭᠤᠷᠢᠶᠠᠯ︾ ᠤᠨ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠲᠦᠰᠢᠭᠯᠡᠨ᠂ ︽ᠭᠦᠢᠴᠡᠳᠬᠡᠬᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠢ ᠰᠠᠶᠢᠲᠤᠷ ᠬᠢᠬᠦ︾ ᠴᠣ ᠰᠢᠨ᠎ᠡ ᠦᠢᠯᠡᠴᠢᠯᠡᠭᠡᠨ ᠤ ᠵᠠᠭᠪᠤᠷ ᠢ ᠭᠠᠷᠭᠠᠵᠠᠢ᠃ ᠲᠣᠰ ᠵᠠᠭᠪᠤᠷ ᠨᠢ ᠤᠷᠠᠨ ᠨᠠᠷᠢᠯᠢᠭ ᠠᠭᠤᠰᠤᠯᠴᠠᠭᠰᠠᠨ ᠲᠣᠭᠠᠴᠢᠯᠠᠭᠰᠠᠨ ᠮᠡᠷᠭᠡᠵᠢᠯ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠰᠠᠶᠢᠲᠤᠷ ᠭᠦᠢᠴᠡᠳᠬᠡᠬᠦ︾ ᠰᠢᠰᠲ᠋ᠧᠮ ᠤᠨ ᠠᠯᠤᠰ ᠬᠤᠷᠠᠯ ᠪᠠ ᠰᠢᠷᠡᠭᠡᠨ ᠨᠢᠭᠤᠷ ᠤᠨ ᠡᠵᠡᠮᠰᠢᠯ ᠤᠨ ᠴᠢᠳᠠᠮᠵᠢ ᠶᠢ ᠠᠰᠢᠭᠯᠠᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ᠂ ᠵᠡᠭᠡᠯᠢ ᠭᠤᠳᠤᠮᠵᠢ ᠶᠢᠨ ᠴᠣᠩᠬᠤ ᠵᠢᠴᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠭᠤᠷᠣᠨᠳᠣᠬᠢ ᠴᠠᠭ ᠲᠤᠬᠠᠢ ᠳᠤᠨᠢ ᠬᠠᠷᠠᠭᠠᠨ ᠳᠠᠪᠲᠠᠮᠵᠢ ᠪᠠᠷ ᠰᠣᠯᠢᠯᠴᠠᠬᠤ ᠶᠢ ᠪᠠᠶᠢᠭᠤᠯᠪᠠ᠃ ᠦᠢᠯᠡᠴᠢᠯᠡᠭᠡᠨ ᠤ ᠬᠡᠯᠡᠯᠴᠡᠭᠡᠷ ᠲᠣᠭᠲᠠᠬᠤ ᠪᠠᠷ ᠳᠠᠮᠵᠢᠭᠤᠯᠤᠨ᠂ ᠡᠨᠡ ᠬᠦ ᠠᠯᠤᠰ ᠠᠴᠠ ᠬᠠᠪᠰᠤᠷᠤᠨ ᠭᠦᠢᠴᠡᠳᠬᠡᠬᠦ ᠪᠥᠭᠡᠳ ᠣᠷᠣᠯᠠᠨ ᠭᠦᠢᠴᠡᠳᠬᠡᠬᠦ ᠰᠢᠨ᠎ᠡ ᠶᠢ ᠡᠭᠦᠳᠬᠦ ᠠᠷᠭ᠎ᠠ ᠮᠠᠶ᠋ᠢᠭ ᠢᠶᠠᠷ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ᠲᠣᠭᠤᠷᠢᠭ ᠤᠨ ᠱᠠᠲᠤᠨ ᠤ ᠪᠠ ᠪᠠᠯᠭᠠᠰᠤ ︵ᠵᠡᠭᠡᠯᠢ ᠭᠤᠳᠤᠮᠵᠢ︶ ᠶᠢᠨ ᠲᠠᠰ ᠤᠨ ᠦᠢᠯᠡᠴᠢᠯᠡᠭᠡᠨ ᠤ ᠵᠦᠢᠯᠡᠰ ᠢ ᠬᠤᠶᠠᠷ ᠭᠠᠵᠠᠷ ᠲᠤ ᠠᠮᠠᠷᠬᠠᠨ ᠭᠦᠢᠴᠡᠳᠬᠡᠵᠦ ᠪᠣᠯᠣᠨ᠎ᠠ᠂ ᠡᠨᠡ ᠨᠢ ᠲᠤᠶᠢᠯ ᠤᠨ ᠶᠡᠭᠡ ᠭᠠᠵᠠᠷ ᠣᠷᠣᠨ ᠳᠤ ᠣᠯᠠᠨ ᠲᠦᠮᠡᠨ ᠪᠠ ᠠᠵᠤ ᠠᠬᠤᠶᠢᠯᠠᠯ ᠳᠤ ᠲᠤᠶᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃            4 ᠰᠠᠷ᠎ᠠ ᠶᠢᠨ 28 ᠤ ᠡᠳᠦᠷ᠂ ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠲᠠᠢ ᠬᠠᠮᠲᠤ ᠪᠠᠷ ︽︿ᠭᠦᠢᠴᠡᠳᠬᠡᠬᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ﹀ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠢᠯᠡᠴᠢᠯᠡᠭᠡᠨ ᠤ ᠬᠡᠯᠡᠯᠴᠡᠭᠡᠷ︾ ᠲᠤ ᠭᠠᠷ ᠤᠨ ᠦᠰᠦᠭ ᠵᠢᠷᠤᠪᠠ᠃ ᠬᠡᠯᠡᠯᠴᠡᠭᠡᠷ ᠢ ᠦᠨᠳᠦᠰᠦᠯᠡᠪᠡᠯ᠂  ᠲᠣᠭᠤᠷᠢᠭ ᠤᠨ ᠲᠠᠰ ᠤᠨ 30 ᠵᠦᠢᠯᠡᠰ ᠪᠠ ᠵᠡᠭᠡᠯᠢ ᠭᠤᠳᠤᠮᠵᠢ ᠶᠢᠨ 44 ᠵᠦᠢᠯᠡᠰ ᠢ ᠴᠥᠮ ︽ᠰᠠᠶᠢᠲᠤᠷ ᠰᠢᠢᠳᠪᠦᠷᠢᠯᠡᠬᠦ︾ ᠲᠠᠪᠴᠠᠩ ᠢᠶᠠᠷ ᠳᠠᠮᠵᠢᠭᠤᠯᠤᠨ ᠬᠠᠷᠢᠯᠴᠠᠨ ᠭᠦᠢᠴᠡᠳᠬᠡᠬᠦ ᠶᠢ ᠪᠡᠶᠡᠯᠡᠭᠦᠯᠵᠦ ᠪᠣᠯᠬᠤ ᠪᠥᠭᠡᠳ ᠰᠢᠢᠳᠪᠦᠷᠢᠯᠡᠭᠰᠡᠨ ᠦᠷ᠎ᠡ ᠳ᠋ᠦᠩ ᠨᠢ ︽ᠵᠠᠰᠠᠭ ᠤᠨ ᠶᠠᠪᠤᠳᠠᠯ ᠤᠨ ᠲᠤᠰᠬᠠᠢ ᠳᠠᠮᠵᠢᠭᠤᠯᠭ᠎ᠠ︾ ᠪᠠᠷ ᠳᠠᠮᠵᠢᠭᠤᠯᠤᠨ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠤᠶᠤ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠬᠦᠷᠭᠡᠵᠦ ᠪᠣᠯᠣᠨ᠎ᠠ᠂ ᠡᠨᠡ ᠬᠦ ᠠᠷᠭ᠎ᠠ ᠬᠡᠮᠵᠢᠶ᠎ᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠ ᠬᠠᠨᠤᠮᠵᠢ ᠶᠢᠨ ᠬᠡᠮᠵᠢᠶ᠎ᠡ ᠶᠢ  ᠳᠡᠭᠡᠭᠰᠢᠯᠡᠭᠦᠯᠦᠨ᠎ᠡ᠃            ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ︽ᠭᠦᠢᠴᠡᠳᠬᠡᠬᠦ ᠪᠠᠷ ᠰᠠᠶᠢᠲᠤᠷ ᠦᠵᠡᠬᠦ︾ ᠥᠭᠡᠷᠡᠴᠢᠯᠡᠯᠲᠡ ᠶᠢ ᠬᠡᠷᠡᠭᠵᠢᠭᠦᠯᠬᠦ ᠵᠢᠴᠢ ᠬᠡᠯᠡᠯᠴᠡᠭᠡᠷ ᠲᠣᠭᠲᠠᠬᠤ᠂ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠭᠤᠷᠢᠭ ᠤᠨ ᠱᠠᠲᠤ ᠪᠠ ᠵᠡᠭᠡᠯᠢ ᠭᠤᠳᠤᠮᠵᠢ ᠶᠢᠨ ᠵᠦᠢᠯᠡᠰ ᠢ ᠱᠠᠲᠤ ᠠᠯᠤᠰᠯᠠᠨ᠂ ᠪᠥᠬᠦ ᠶᠠᠪᠤᠴᠠ ᠪᠠᠷ ᠬᠤᠯᠪᠤᠭᠠᠯᠠᠨ ᠬᠥᠳᠡᠯᠦᠯᠴᠡᠵᠦ ᠬᠠᠷᠢᠯᠴᠠᠨ ᠭᠦᠢᠴᠡᠳᠬᠡᠬᠦ ᠶᠢ ᠪᠡᠶᠡᠯᠡᠭᠦᠯᠪᠡ᠃ ᠡᠨᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠠᠵᠤ ᠠᠬᠤᠶᠢᠯᠠᠯ ᠪᠠ ᠣᠯᠠᠨ ᠲᠦᠮᠡᠨ ᠤ ᠰᠢᠢᠳᠪᠦᠷᠢᠯᠡᠬᠦ ᠦᠶ᠎ᠡ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃                ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号