ᠰᠠᠶᠢᠬᠠᠨ ᠲᠣᠭᠤᠷᠢᠭ᠄ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/5/20
     ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠬᠢᠭᠡᠳ ᠢᠲᠡᠭᠡᠮᠵᠢ ᠶᠢᠨ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠵᠢᠴᠢ ᠦᠨᠡᠨᠴᠢ ᠢᠲᠡᠭᠡᠮᠵᠢ ᠪᠠᠷ ᠭᠤᠣᠯ ᠪᠣᠯᠭᠠᠭᠰᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃            ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠴᠢᠩᠭᠠᠳᠬᠠᠵᠤ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠲᠠᠢ ᠪᠠᠶᠢᠬᠤ ᠤᠬᠠᠮᠰᠠᠷ ᠢ ᠳᠡᠭᠡᠭᠰᠢᠯᠡᠭᠦᠯᠦᠶ᠎ᠡ          ︽3 · 15︾ ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠵᠡᠷᠭᠡ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠦᠨᠡᠨᠴᠢ ᠢᠲᠡᠭᠡᠮᠵᠢ ᠶᠢᠨ ᠡᠵᠡᠩᠨᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠬᠤᠳᠠᠯᠳᠤᠭᠠᠨ ᠤ ᠰᠣᠶᠣᠯ ᠢ ᠪᠠᠶᠢᠭᠤᠯᠤᠨ᠎ᠠ᠃ ᠡᠭᠦᠨ ᠤ ᠬᠠᠮᠲᠤ᠂ ᠬᠤᠳᠠᠯᠳᠤᠭᠠᠨ ᠤ ᠮᠡᠬᠡᠯᠡᠯ ᠬᠢᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ᠂ ᠬᠤᠳᠠᠯ ᠬᠠᠭᠤᠷᠮᠠᠭ ᠮᠠᠭᠤ ᠦᠢᠯᠡᠳᠬᠦᠨ ᠪᠠ ᠬᠤᠳᠠᠯ ᠬᠠᠭᠤᠷᠮᠠᠭ ᠵᠠᠷ ᠮᠡᠳᠡᠭᠡ ᠦᠢᠯᠡᠳᠴᠦ ᠪᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠵᠦ᠂ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠵᠤ ᠡᠵᠡᠩᠨᠡᠭᠰᠡᠨ ᠡᠷᠦᠬᠡ ᠶᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠬᠤᠳᠠᠯᠳᠤᠭᠠᠨ ᠤ ᠡᠷᠦᠬᠡ ᠲᠠᠢ ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ᠲᠣᠭᠲᠠᠪᠠ᠃                  ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠬᠦ ᠪᠠ ᠬᠠᠮᠲᠤᠪᠠᠷ ᠭᠥᠷᠳᠡᠬᠦ ᠶᠢ ᠲᠡᠭᠦᠯᠳᠡᠷᠵᠢᠭᠦᠯᠵᠦ ᠢᠲᠡᠭᠡᠮᠵᠢ ᠶᠢᠨ ᠲᠦᠭᠰᠢᠭᠦᠷᠢ ᠶᠢ ᠨᠠᠷᠢᠯᠢᠭ ᠣᠨᠣᠴᠠᠲᠠᠢ ᠪᠠᠷ ᠬᠠᠮᠢᠶᠠᠷᠬᠤ ᠶᠢ ᠪᠡᠶᠡᠯᠡᠭᠦᠯᠦᠨ᠎ᠡ          ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠭᠠᠷᠴᠠᠭ ᠤᠨ ᠲᠣᠭᠲᠠᠭᠠᠯ ᠢ ᠦᠨᠳᠦᠰᠦᠯᠡᠨ᠂ ᠪᠥᠬᠦ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠣᠯᠠᠨ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠎ᠡ᠃ ᠣᠲᠣ ᠪᠣᠯᠲᠠᠯ᠎ᠠ᠂ ᠨᠡᠶᠢᠲᠡ 10 ᠲᠦᠮᠡ ᠰᠢᠬᠠᠮ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠶᠢᠨ ᠬᠠᠮᠲᠤ ᠰᠠᠶᠢᠬᠠᠨ ᠲᠣᠭᠤᠷᠢᠭ ᠤᠨ 4 ᠲᠦᠮᠡ ᠭᠠᠷᠤᠢ ᠠᠵᠤ ᠠᠬᠤᠶᠢᠯᠠᠯ ᠳᠤ ᠢᠲᠡᠭᠡᠮᠵᠢ ᠶᠢᠨ ᠲᠠᠰ ᠲᠥᠷᠥᠯ ᠬᠤᠪᠢᠶᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠭᠰᠠᠨ ᠦᠷ᠎ᠡ ᠳ᠋ᠦᠩ ᠤᠨ ᠬᠥᠳᠡᠯᠦᠩᠭᠦᠢ ᠰᠢᠨᠡᠴᠢᠯᠡᠯᠲᠡ ᠪᠠ ᠲᠤᠬᠠᠢ ᠶᠢᠨ ᠴᠠᠭ ᠤᠨ ᠲᠤᠭ᠎ᠠ ᠪᠠᠷᠢᠮᠲᠠ ᠶᠢᠨ ᠳᠡᠮᠵᠢᠯᠭᠡ ᠶᠢ ᠦᠨᠡᠨ ᠬᠦ ᠪᠠᠲᠤᠯᠠᠪᠠ᠃            ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠠᠵᠤ ᠠᠬᠤᠶᠢᠯᠠᠯ ᠤᠨ ᠢᠲᠡᠭᠡᠮᠵᠢ ᠶᠢᠨ ᠡᠵᠡᠩᠨᠡᠯᠲᠡ ᠶᠢ ᠬᠥᠲᠥᠯᠥᠨ ᠵᠢᠯᠣᠭᠤᠳᠤᠨ᠎ᠠ          ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠦᠨᠡᠨᠴᠢ ᠢᠲᠡᠭᠡᠮᠵᠢᠲᠡᠢ᠂ ᠲᠥᠪ ᠭᠤᠤᠯᠴᠢ ᠪᠠ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃            ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠢᠲᠡᠭᠡᠮᠵᠢ ᠶᠢᠨ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ          ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︽ᠢᠲᠡᠭᠡᠮᠵᠢ ᠶᠢ ᠰᠡᠷᠭᠦᠭᠡᠬᠦ ᠰᠦᠯᠵᠢᠶᠡᠨ ᠳᠡᠭᠡᠷ᠎ᠡ ᠭᠦᠢᠴᠡᠳᠬᠡᠬᠦ︾ ᠦᠢᠯᠡᠴᠢᠯᠡᠭᠡ ᠶᠢ ᠨᠡᠭᠡᠭᠡᠵᠦ᠂ ᠵᠠᠬ᠎ᠠ ᠳᠡᠯᠭᠡᠭᠦᠷ ‍ᠤᠨ‌ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠵᠤ᠂ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠪᠰᠤᠷᠤᠨ ᠢᠲᠡᠭᠡᠮᠵᠢ ᠶᠢ ᠳᠠᠬᠢᠨ ᠪᠠᠶᠢᠭᠤᠯᠵᠤ᠂ ᠢᠲᠡᠭᠡᠮᠵᠢ ᠶᠢ ᠰᠡᠷᠭᠦᠭᠡᠬᠦ ᠦᠷ᠎ᠡ ᠪᠦᠲᠦᠮᠵᠢ ᠶᠢ  ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠢᠭᠡᠨᠲᠡ 1889 ᠡᠷᠦᠬᠡ ᠢᠲᠡᠭᠡᠮᠵᠢ ᠠᠯᠳᠠᠭᠰᠠᠨ ᠭᠤᠣᠯ ᠴᠣᠭᠴᠠ ᠨᠢ ᠢᠲᠡᠭᠡᠮᠵᠢ ᠶᠢ ᠰᠡᠷᠭᠦᠭᠡᠬᠦ ᠠᠵᠢᠯ ᠢ ᠪᠡᠶᠡᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠳᠠᠬᠢᠨ ᠪᠤᠴᠠᠭᠠᠬᠤ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃            ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶᠢᠷᠡᠭᠦᠯᠦᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠲᠡᠭᠡᠮᠵᠢ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠰᠠᠶᠢᠬᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号