ᠰᠠᠶᠢᠬᠠᠨ ᠲᠣᠭᠤᠷᠢᠭ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠥᠳᠡᠯᠮᠦᠷᠢ ᠶᠢᠨ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/20
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠬᠢᠭᠡᠳ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠳᠤ ᠭᠠᠪᠢᠶ᠎ᠠ ᠪᠠᠶᠢᠭᠤᠯᠤᠶ᠎ᠠ︾ ᠭᠡᠬᠦ 2024 ᠣᠨ ᠤ ᠰᠠᠶᠢᠬᠠᠨ ᠲᠣᠭᠤᠷᠢᠭ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠵᠢᠴᠢ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠮᠡᠳᠡᠯᠭᠡ ᠶᠢᠨ ᠤᠷᠤᠯᠳᠤᠭᠠᠨ ᠢ ᠡᠷᠬᠢᠯᠡᠪᠡ᠃
              ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠪᠥᠬᠦ ᠲᠣᠭᠤᠷᠢᠭ ᠤᠨ ᠡᠯ᠎ᠡ ᠠᠵᠢᠯ ᠲᠥᠷᠥᠯ ᠠᠴᠠ 8 ᠡᠩᠨᠡᠭᠡ ᠢᠷᠡᠵᠡᠢ᠃ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠠᠶᠤᠯ ᠲᠦᠭᠰᠢᠭᠦᠷᠢ ᠶᠢᠨ ᠰᠡᠳᠦᠪ᠂ ᠨᠡᠮᠡᠵᠦ ᠤᠷᠤᠯᠳᠤᠬᠤ ᠰᠡᠳᠦᠪ ᠁ ᠬᠡᠳᠦᠨ ᠡᠭᠡᠯᠵᠢ ᠶᠢᠨ ᠬᠤᠷᠴᠠ ᠰᠢᠷᠦᠭᠦᠨ ᠮᠥᠷᠥᠶᠢᠴᠡᠭᠡᠨ ᠳᠤᠮᠳᠠ᠂ ᠡᠯ᠎ᠡ ᠡᠩᠨᠡᠭᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠣᠯᠣᠨ ᠭᠦᠨ ᠵᠤᠵᠠᠭᠠᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠯᠭᠡᠨ ᠦᠵᠡᠭᠦᠯᠵᠡᠢ᠃ ᠥᠪᠥᠷ ᠮᠣᠩᠭᠤᠯ ᠤᠨ ᠰᠠᠨᠰᠠᠷ ᠤᠨ ᠠᠶᠠᠯᠠᠯ ᠤᠨ ᠤᠯᠠᠭᠠᠨ ᠠᠵᠢᠯ ᠤᠨ ᠪᠠᠶᠢᠷᠢ ᠶᠢᠨ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠰᠤᠷᠪᠤᠯᠵᠢᠯᠠᠭᠴᠢ ᠳᠤ᠄ ︽ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠣᠯᠠᠨ ᠮᠡᠳᠡᠯᠭᠡ ᠰᠤᠷᠴᠤ᠂ ᠬᠤᠶᠢᠰᠢᠳᠠ ᠶᠢᠨ ᠠᠵᠢᠯ ᠤᠨ ᠳᠤᠮᠳᠠ ᠪᠢᠳᠡ ᠲᠤᠬᠠᠶᠢᠯᠠᠭᠰᠠᠨ ᠠᠵᠢᠯ ᠢᠶᠠᠨ ᠨᠠᠷᠢᠨ ᠬᠢᠨᠠᠮᠠᠭᠠᠢ ᠪᠡᠶᠡᠯᠡᠭᠦᠯᠵᠦ᠂ ᠤᠷ᠎ᠠ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠣᠰ ᠪᠡᠶ᠎ᠡ ᠶᠢᠨ ᠦᠨ᠎ᠡ ᠥᠷᠲᠡᠭ ᠢᠶᠠᠨ ᠨᠠᠩ ᠰᠠᠶᠢᠲᠤᠷ ᠢᠯᠡᠷᠡᠭᠦᠯᠬᠦ ᠶᠢ ᠬᠦᠰᠡᠵᠦ ᠪᠠᠶᠢᠨ᠎ᠠ︾  ᠭᠡᠵᠦ ᠬᠡᠯᠡᠵᠡᠢ᠃          ᠲᠣᠰ ᠤᠳᠠᠭᠠᠨ ᠤ ᠤᠷᠤᠯᠳᠤᠭᠠᠨ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠬᠤ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠬᠡᠪ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠮᠡᠷᠭᠡᠵᠢᠯ ᠴᠢᠳᠠᠪᠤᠷᠢ ᠶᠢ ᠳᠡᠯᠭᠡᠨ ᠦᠵᠡᠭᠦᠯᠬᠦ᠂ ᠲᠤᠷᠰᠢᠯᠭ᠎ᠠ ᠪᠠᠨ ᠰᠣᠯᠢᠯᠴᠠᠬᠤ ᠲᠠᠪᠴᠠᠩ ᠪᠠᠶᠢᠭᠤᠯᠬᠤ ᠶᠠᠪᠤᠳᠠᠯ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠨᠢᠭᠡᠳᠦᠯᠲᠡᠢ ᠲᠥᠯᠥᠪᠵᠢᠭᠦᠯᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠷ᠎ᠠ ᠴᠢᠳᠠᠪᠤᠷᠢ ᠶᠢᠨ ᠤᠷᠤᠯᠳᠤᠭᠠᠨ ᠤ ᠴᠢᠳᠠᠪᠤᠷᠢᠲᠠᠨ ᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠰᠣᠩᠭᠤᠨ ᠬᠥᠮᠥᠵᠢᠭᠦᠯᠵᠦ᠂ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠵᠤ᠂ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠥᠷᠭᠡᠳᠬᠡᠨ ᠬᠥᠭᠵᠢᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号