ᠬᠥᠬᠡᠬᠤᠲᠠ ᠶᠢᠨ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠤ ᠬᠥᠩᠭᠡᠵᠢᠯ ᠤᠨ ᠨᠥᠬᠦᠪᠦᠷᠢ ᠮᠥᠩᠭᠦ ᠶᠢ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/20
       ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡ ᠶᠢ ᠣᠯᠠᠨ ᠲᠦᠮᠡᠨ ᠪᠠ ᠠᠵᠤ ᠠᠬᠤᠶᠢᠯᠠᠯ ᠤᠨ ᠳᠡᠷᠭᠡᠳᠡ ᠬᠦᠷᠭᠡᠵᠦ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ︽ᠨᠢᠭᠡ ᠦᠷᠲᠡᠭᠡ ᠮᠠᠶ᠋ᠢᠭ ᠤᠨ ᠦᠢᠯᠡᠴᠢᠯᠡᠭᠡ᠂ ᠨᠢᠭᠡ ᠴᠣᠩᠬᠤᠪᠴᠢ ᠪᠠᠷ ᠭᠦᠢᠴᠡᠳᠬᠡᠬᠦ᠂ ᠨᠢᠭᠡ ᠲᠠᠩᠰᠠ ᠪᠠᠷ ᠳ᠋ᠦᠩᠨᠡᠨ ᠪᠤᠳᠤᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠤ ᠬᠥᠩᠭᠡᠵᠢᠬᠦ ᠴᠢᠯᠦᠭᠡ ᠶᠢᠨ ᠬᠤᠭᠤᠴᠠᠭᠠᠨ ᠳᠤ ᠴᠠᠯᠢᠩ ᠣᠯᠵᠤ ᠳᠡᠶᠢᠯᠬᠦ ᠦᠭᠡᠢ ᠪᠠᠶᠢᠭᠰᠠᠨ ᠬᠦᠴᠢᠷᠳᠡᠯ ᠢ ᠨᠠᠮᠳᠠᠭᠤᠯᠵᠤ᠂ ᠬᠥᠩᠭᠡᠵᠢᠯ ᠤᠨ ᠨᠥᠬᠦᠪᠦᠷᠢ ᠥᠭᠬᠦ ᠴᠠᠭ ᠢ ᠪᠣᠭᠤᠨᠢᠰᠬᠠᠬᠤ ᠶᠢᠨ ᠲᠥᠯᠥᠭᠡ᠂ ᠮᠠᠨ ᠤ ᠬᠤᠲᠠ ᠨᠢᠭᠡᠨᠲᠡ ᠬᠥᠩᠭᠡᠵᠢᠯ ᠤᠨ ᠨᠥᠬᠦᠪᠦᠷᠢ ᠮᠥᠩᠭᠦ ᠶᠢ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠶᠢ ᠡᠬᠢᠯᠡᠨ ᠬᠡᠷᠡᠭᠵᠢᠭᠦᠯᠪᠡ᠃ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠳᠤ ᠬᠥᠩᠭᠡᠵᠢᠯ ᠤᠨ ᠳᠠᠭᠠᠳᠬᠠᠯ ᠤᠨ ᠡᠮᠴᠢᠯᠡᠭᠡᠨ ᠤ ᠵᠠᠷᠤᠳᠠᠯ ᠢ ᠳ᠋ᠦᠩᠨᠡᠨ ᠪᠤᠳᠤᠬᠤ ᠳᠠᠭᠠᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠭᠥᠷᠳᠡᠵᠦ᠂ ᠮᠡᠳᠡᠭᠡ ᠵᠠᠩᠭᠢ ᠶᠢᠨ ᠰᠢᠰᠲ᠋ᠧᠮ ᠳᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠡᠮᠡᠭᠲᠡᠢ ᠠᠵᠢᠯᠲᠠᠨ ᠠᠵᠢᠯᠴᠢᠨ ᠬᠥᠩᠭᠡᠵᠢᠯ ᠤᠨ ᠨᠥᠬᠦᠪᠦᠷᠢ ᠮᠥᠩᠭᠦ ᠭᠤᠶᠤᠴᠢᠯᠠᠨ ᠠᠪᠬᠤ ᠲᠣᠭᠠᠴᠠᠭ᠎ᠠ ᠬᠢᠬᠦ ᠮᠡᠳᠡᠭᠡ ᠵᠠᠩᠭᠢ ᠶᠢ ᠵᠡᠷᠭᠡ ᠪᠠᠷ ᠳᠠᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠲᠤ ᠣᠨᠣᠰᠢᠯᠠᠭᠰᠠᠨ ᠭᠡᠷᠡᠴᠢ᠂ ᠨᠢᠯᠬ᠎ᠠ ᠬᠡᠦᠬᠡᠳ ᠤᠨ ᠲᠥᠷᠥᠭᠰᠡᠨ ᠦᠨᠡᠮᠯᠡᠯ᠂ ᠬᠦᠴᠦᠨ ᠪᠦᠬᠦᠢ ᠪᠡᠶ᠎ᠡ ᠶᠢᠨ ᠦᠨᠡᠮᠯᠡᠯ ᠬᠠᠩᠭᠠᠬᠤ ᠵᠡᠷᠭᠡ ᠮᠠᠲ᠋ᠧᠷᠢᠶᠠᠯ ᠢ ᠬᠠᠩᠭᠠᠵᠤ᠂ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠳᠤ ᠬᠦᠷᠴᠦ ᠬᠥᠩᠭᠡᠵᠢᠯ ᠤᠨ ᠨᠥᠬᠦᠪᠦᠷᠢ ᠮᠥᠩᠭᠦ ᠣᠯᠭᠤᠬᠤ ᠶᠠᠪᠤᠴᠠ ᠶᠢ ᠭᠤᠶᠤᠴᠢᠯᠠᠨ ᠭᠦᠢᠴᠡᠳᠬᠡᠵᠦ ᠪᠣᠯᠣᠨ᠎ᠠ᠃ ᠬᠥᠬᠡᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠶᠠᠮᠤᠨ ᠤ ᠢᠨᠵᠧᠨᠧᠷ᠂ ᠡᠯ᠎ᠡ ᠲᠣᠭᠲᠠᠭᠰᠠᠨ ᠡᠮᠨᠡᠯᠭᠡ ᠶᠢᠨ ᠬᠤᠷᠢᠶ᠎ᠠ ᠶᠢᠨ HIS ᠢᠨᠵᠧᠨᠧᠷ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠨᠠᠷᠢᠯᠢᠭ ᠣᠨᠣᠪᠴᠢᠲᠠᠢ ᠲᠤᠷᠰᠢᠬᠤ ᠪᠣᠯᠵᠣᠯᠲᠤ ᠲᠤᠭ᠎ᠠ ᠶᠢ ᠲᠣᠬᠢᠷᠠᠭᠤᠯᠵᠤ᠂ ᠳᠡᠰ ᠳᠠᠷᠠᠭᠠᠯᠠᠯ ᠢ ᠬᠢᠨᠠᠨ ᠰᠢᠯᠭᠠᠵᠤ᠂ ᠬᠥᠬᠡᠬᠤᠲᠠ ᠶᠢᠨ ᠬᠥᠩᠭᠡᠵᠢᠯ ᠤᠨ ᠨᠥᠬᠦᠪᠦᠷᠢ ᠶᠢ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠵᠦᠢᠯᠡᠰ ᠢ 5 ᠳ᠋ᠤᠭᠠᠷ ᠰᠠᠷ᠎ᠠ ᠶᠢᠨ 1 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠬᠥᠩᠭᠡᠵᠢᠯ ᠤᠨ ᠨᠥᠬᠦᠪᠦᠷᠢ ᠮᠥᠩᠭᠦ ᠶᠢ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠶᠢ ᠬᠡᠷᠡᠭᠵᠢᠭᠦᠯᠦᠭᠰᠡᠨ ᠤ ᠳᠠᠷᠠᠭ᠎ᠠ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠤ ᠬᠥᠩᠭᠡᠵᠢᠯ ᠤᠨ ᠨᠥᠬᠦᠪᠦᠷᠢ ᠮᠥᠩᠭᠦ ᠭᠤᠶᠤᠴᠢᠯᠠᠨ ᠠᠪᠬᠤ ᠶᠢᠨ ᠲᠥᠯᠥᠭᠡ ᠨᠠᠭᠠᠰᠢ ᠴᠠᠭᠠᠰᠢ ᠭᠦᠶᠦᠯᠭᠡᠬᠦ ᠶᠠᠷᠰᠢᠭ ᠲᠦᠪᠡᠭ ᠢ ᠠᠷᠢᠯᠭᠠᠵᠤ᠂ ᠥᠩᠭᠡᠷᠡᠭᠰᠡᠨ ᠤ ︽ᠬᠥᠮᠥᠨ ᠠᠴᠠ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ︾ ᠪᠠᠶᠢᠭᠰᠠᠨ ᠠᠴᠠ ᠪᠠᠨ ︽ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠥᠮᠥᠨ ᠡᠷᠢᠬᠦ︾ ᠪᠣᠯᠭᠠᠨ ᠬᠤᠪᠢᠷᠠᠭᠤᠯᠵᠤ᠂ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠳᠠᠭᠠᠳᠬᠠᠯ ᠳᠤ ᠣᠷᠣᠯᠴᠠᠭᠰᠠᠳ ᠢ ᠭᠦᠶᠦᠯᠭᠡᠬᠦ ᠦᠭᠡᠢ︾ ᠬᠠᠷᠠᠯᠲᠠ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠤᠬᠠᠢ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃            ᠢᠷᠡᠯᠲᠡ᠄ ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号