ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠨᠢᠭᠡᠳ ᠨᠢᠭᠡ ᠪᠠᠷ ᠪᠣᠳᠠᠲᠠᠢ ᠨᠠᠶᠢᠳᠠᠪᠤᠷᠢᠵᠢᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠲᠠ ᠳᠤ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠬᠡᠷᠡᠭᠲᠡᠢ ᠭᠡᠵᠦ ᠬᠤᠸᠠᠩ ᡁᠢ ᠴᠢᠶᠠᠩ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 15 ᠠᠴᠠ 16 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠳᠠ᠂ ᠦᠬᠠᠢ ᠬᠤᠳᠠ ᠳᠤ ᠠᠭᠤᠷᠬᠠᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠪᠠ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠱᠠᠯᠠᠪᠳᠠᠭᠤᠯᠤᠨ ᠵᠢᠯᠣᠭᠤᠳᠪᠠ᠃      ᠬᠤᠸᠠᠩ ᡁᠢ ᠴᠢᠶᠠᠩ ᠭᠤᠣᠯᠳᠠᠯᠭ᠎ᠠ ᠲᠠᠢ ᠠᠭᠤᠷᠬᠠᠢ ᠶᠢᠨ ᠠᠮᠤᠷ ᠲᠦᠪᠰᠢᠨ ᠤ ᠴᠡᠭᠴᠡᠯᠡᠨ ᠵᠠᠰᠠᠯᠲᠠ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠩᠬᠠᠷᠤᠯ ᠢᠶᠠᠨ ᠲᠥᠪᠯᠡᠷᠡᠭᠦᠯᠦᠨ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠭᠤᠷᠬᠠᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠡᠷᠭᠡ ᠶᠢᠨ ᠲᠤᠬᠠᠢ ᠱᠠᠭᠠᠷᠳᠠᠯᠭ᠎ᠠ ᠶᠢ ᠨᠢᠭᠡᠳ ᠨᠢᠭᠡ ᠪᠠᠷ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠃ ᠠᠭᠤᠷᠬᠠᠢ ᠶᠢᠨ ᠮᠠᠯᠲᠠᠵᠤ ᠬᠥᠨᠳᠡᠶᠢᠷᠡᠭᠰᠡᠨ ᠣᠷᠣᠨ ᠤ ᠵᠠᠰᠠᠯᠲᠠ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ︽ᠮᠠᠯᠲᠠᠬᠤ ᠶᠢᠨ ᠲᠥᠯᠥᠭᠡ ᠵᠠᠰᠠᠬᠤ︾᠂ ︽ᠤᠷᠢᠳ ᠢᠶᠠᠷ ᠮᠠᠯᠲᠠᠵᠤ ᠳᠠᠷᠠᠭ᠎ᠠ ᠨᠢ ᠵᠠᠰᠠᠬᠤ︾ ᠶᠢ ᠡᠷᠡᠰ ᠬᠤᠷᠢᠭᠯᠠᠵᠤ᠂ ᠬᠢᠨᠠᠯᠲᠠ ᠬᠠᠮᠢᠶᠠᠷᠤᠯᠲᠠ ᠶᠢᠨ ᠪᠦᠭᠦ ᠬᠡᠯᠬᠢᠶ᠎ᠡ ᠶᠢ ᠡᠷᠡᠰ ᠴᠢᠩᠭᠠᠳᠬᠠᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ︽ᠪᠠᠷᠢᠮᠵᠢᠶ᠎ᠠ ᠶᠢ ᠳᠡᠭᠡᠭᠰᠢᠯᠡᠭᠦᠯᠭᠦ︾ᠠᠵᠢᠯᠯᠠᠭ᠎ᠠ ᠶᠢ ᠱᠠᠯᠠᠪᠳᠠᠨ ᠥᠷᠨᠢᠭᠦᠯᠵᠦ᠂ ᠠᠵᠤ ᠠᠬᠤᠶᠢᠯᠠᠯ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠩᠨᠡᠭᠡ ᠶᠢ ᠭᠦᠢᠴᠡᠳ ᠴᠢᠩᠭ᠎ᠠ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠶᠢ ᠳᠠᠷᠤᠢ ᠲᠦᠷᠭᠡᠨ ᠳᠡᠭᠡᠭᠰᠢᠯᠡᠭᠦᠯᠵᠦ᠂ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号