ᠮᠠᠨ ᠤ ᠣᠷᠣᠨ ᠬᠠᠤᠯᠢ ᠠᠴᠠ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠲᠦᠷᠦᠭᠦᠦ ᠪᠦᠯᠦᠭ  ᠤᠨ 26 ᠡᠵᠡᠩᠨᠡᠯᠲᠡ ᠶᠢᠨ ᠭᠤᠣᠯ ᠴᠣᠭᠴᠠ ᠶᠢ ᠢᠯᠡ ᠨᠡᠶᠢᠲᠡᠯᠡᠪᠡ
ᠨᠡᠶᠢᠲᠡᠯᠡᠭᠰᠡᠨ ᠴᠠᠭ᠄
2024/5/20
     ᠮᠠᠨ ᠤ ᠣᠷᠣᠨ ᠦᠨᠡᠨᠴᠢ ᠢᠲᠡᠭᠡᠮᠵᠢ ᠶᠢᠨ ᠬᠡᠮᠵᠢᠯᠲᠡ᠂ ᠢᠳᠡᠭᠡᠨ ᠤ ᠠᠮᠤᠷ ᠲᠦᠪᠰᠢᠨ ᠤ ᠦᠨᠡᠨᠴᠢ ᠢᠲᠡᠭᠡᠮᠵᠢ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠨᠡᠨᠴᠢ ᠢᠲᠡᠭᠡᠮᠵᠢ᠂ ᠵᠠᠬ᠎ᠠ ᠳᠡᠯᠭᠡᠭᠦᠷ ᠤᠨ ᠡᠮᠬᠢ ᠳᠢᠭᠯᠢᠮ  ᠤᠨ ᠦᠨᠡᠨᠴᠢ ᠢᠲᠡᠭᠡᠮᠵᠢ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠨᠠᠩ  ᠴᠢᠩᠭᠠᠳᠬᠠᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠲᠡᠭᠡᠮᠵᠢ ᠠᠯᠳᠠᠭᠰᠠᠨ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠨᠡᠶᠢᠲᠡᠯᠡᠬᠦ ᠲᠣᠭᠲᠠᠴᠠ  ᠪᠠᠶᠢᠭᠤᠯᠵᠤ᠂ ᠲᠡᠷᠡᠴᠢᠯᠡᠨ ᠣᠶᠢᠷ᠎ᠠ ᠳᠤ ᠪᠦᠭᠦ ᠣᠷᠣᠨ ᠤ ᠬᠠᠤᠯᠢ ᠠᠴᠠ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠲᠦᠷᠦᠭᠦᠦ ᠪᠦᠯᠦᠭ ᠤᠨ 26 ᠡᠵᠡᠩᠨᠡᠯᠲᠡ  ᠶᠢᠨ ᠭᠤᠣᠯ ᠴᠣᠭᠴᠠ ᠶᠢᠨ ᠨᠡᠷᠡᠰ ᠢ ᠨᠡᠶᠢᠲᠡᠯᠡᠪᠡ᠃      ᠣᠶᠢᠯᠠᠭᠠᠭᠰᠠᠨ ᠢᠶᠠᠷ᠂ ᠲᠣᠰ ᠤᠳᠠᠭ᠎ᠠ ᠢᠯᠡᠴᠢᠯᠡᠭᠳᠡᠭᠰᠡᠨ 26 ᠡᠵᠡᠩᠨᠡᠯᠲᠡ ᠶᠢᠨ ᠭᠤᠣᠯ ᠴᠣᠭᠴᠠ ᠪᠣᠯ ᠪᠤᠭᠤᠲᠤ ᠬᠤᠲᠠ ᠶᠢᠨ ᠫᠢᠩ ᠬᠠᠢ ᠴᠢᠯᠠᠭᠤᠨ ᠲᠣᠰᠣᠨ ᠤ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ  ᠺᠤᠮᠫᠠᠨᠢ᠂  ᠭᠦᠭᠡᠬᠤᠳᠠ ᠶᠢᠨ ᠢᠦᠶᠢᠴᠢᠤᠸᠠᠨ ᠲᠣᠭᠤᠷᠢᠭ ᠤᠨ ᠮᠧᠩ ᠢᠦᠢ ᠬᠤᠩ ᠣᠨᠴᠠ ᠭᠠᠷᠤᠯᠲᠠ ᠶᠢᠨ ᠳᠡᠯᠭᠡᠭᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠶᠠᠩ ᠵᠢᠦᠢ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠤᠮᠫᠠᠨᠢ ᠵᠡᠷᠭᠡ ᠪᠣᠯᠣᠨ᠎ᠠ᠃ ᠢᠯᠡᠴᠢᠯᠡᠭᠳᠡᠭᠰᠡᠨ ᠰᠢᠯᠲᠠᠭᠠᠨ ᠨᠢ ᠭᠤᠣᠯᠳᠠᠭᠤ᠂ ᠪᠣᠷᠣᠯᠠᠭᠤᠯᠤᠭᠰᠠᠨ ᠦᠢᠯᠡᠳᠬᠦᠨ ᠨᠢ ᠮᠠᠭᠤ ᠪᠠᠷ ᠰᠠᠶᠢᠨ ᠢ ᠣᠷᠣᠯᠠᠭᠤᠯᠵᠤ᠂ ᠬᠠᠭᠤᠷᠮᠠᠭ ᠢᠶᠠᠷ ᠵᠢᠩᠬᠢᠨᠢ ᠶᠢ ᠣᠷᠣᠯᠠᠭᠤᠯᠵᠤ᠂ ᠬᠢᠷᠢ ᠲᠡᠩᠴᠡᠬᠦ ᠦᠭᠡᠢ ᠦᠢᠯᠡᠳᠬᠦᠨ ᠢᠶᠠᠷ ᠬᠢᠷᠢ ᠲᠡᠩᠴᠡᠭᠰᠡᠨ ᠦᠢᠯᠡᠳᠬᠦᠨ ᠢ ᠣᠷᠣᠯᠠᠭᠤᠯᠵᠤ᠂ ᠤᠯᠤᠰ ᠠᠴᠠ ᠢᠯᠡ ᠪᠠᠷ ᠵᠠᠷᠯᠢᠭᠳᠠᠨ ᠰᠢᠭᠰᠢᠭᠳᠡᠭᠦᠯᠦᠭᠰᠡᠨ ᠦᠢᠯᠡᠳᠬᠦᠨ ᠢ ᠦᠢᠯᠡᠳᠪᠦᠷᠢᠯᠡᠵᠦ ᠪᠤᠷᠣᠯᠠᠭᠤᠯᠤᠬᠰᠠᠨ; ᠬᠠᠤᠯᠢ ᠴᠠᠭᠠᠵᠠ᠂ ᠵᠠᠰᠠᠭ ᠵᠠᠬᠢᠷᠭᠠᠨ  ᠤ ᠬᠠᠤᠯᠢ ᠲᠣᠭᠲᠠᠭᠠᠯ ᠢ ᠵᠥᠷᠢᠴᠡᠵᠦ᠂ ᠲᠥᠪ ᠭᠤᠤᠯᠴᠢ ᠥᠷᠢᠰᠦᠯᠳᠦᠭᠡᠨ ᠤ ᠡᠮᠬᠢ ᠵᠢᠷᠤᠮ ᠢ ᠬᠦᠨᠳᠦ ᠨᠣᠴᠢᠲᠠᠢ ᠡᠪᠳᠡᠭᠰᠡᠨ ᠪᠠ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠬᠰᠠᠨ; ᠡᠭᠡᠭᠦᠯᠦᠨ ᠠᠪᠴᠢᠷᠠᠬᠤ ᠵᠠᠷᠯᠢᠭ ᠢ ᠲᠡᠪᠴᠢᠬᠦ ᠪᠤᠶᠤ ᠬᠤᠶᠢᠰᠢᠯᠠᠭᠤᠯᠤᠨ ᠭᠡᠷᠡᠭᠵᠢᠭᠦᠯᠦᠭᠰᠡᠨ; ᠬᠡᠷᠡᠭᠯᠡᠭᠴᠢᠳ ᠢ ᠮᠡᠬᠡᠯᠡᠬᠦ ᠪᠠᠷ ᠵᠣᠷᠢᠯᠭ᠎ᠠ ᠪᠤᠯᠭᠠᠬᠰᠠᠨ ᠬᠡᠮᠵᠢᠯᠲᠡ ᠶᠢᠨ ᠪᠠᠭᠠᠵᠢ ᠬᠡᠷᠡᠭᠰᠡᠯ ᠢ ᠦᠢᠯᠡᠳᠦᠭᠰᠡᠨ᠂ ᠪᠣᠷᠣᠯᠠᠭᠤᠯᠤᠭᠰᠠᠨ᠂ ᠭᠡᠷᠡᠭᠯᠡᠭᠰᠡᠨ; ᠬᠤᠳᠠᠯ ᠬᠠᠭᠤᠷᠮᠠᠭ ᠪᠤᠶᠤ ᠦᠨᠡᠨ ᠪᠠᠶᠢᠳᠠᠯ ᠲᠠᠢ ᠬᠦᠨᠳᠦ ᠨᠣᠴᠢᠲᠠᠢ ᠨᠡᠶᠢᠴᠡᠭᠰᠡᠨ ᠦᠭᠡᠢ ᠰᠢᠯᠭᠠᠨ ᠪᠠᠶᠢᠴᠠᠭᠠᠯᠲᠠ᠂ ᠬᠢᠨᠠᠨ ᠬᠡᠮᠵᠢᠯᠲᠡ᠂ ᠭᠡᠷᠡᠴᠢᠯᠡᠯ᠂ ᠮᠡᠳᠡᠷᠡᠨ ᠵᠥᠪᠰᠢᠶᠡᠷᠡᠭᠰᠡᠨ ᠳ᠋ᠦᠩᠨᠡᠯᠲᠡ ᠭᠠᠷᠭᠠᠵᠤ᠂ ᠶᠠᠰᠤ ᠴᠢᠨᠠᠷ ᠤᠨ ᠠᠶᠤᠯᠭᠦᠢ ᠪᠠᠶᠢᠳᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠵᠡᠷᠭᠡ   ᠶᠢ ᠪᠠᠭᠲᠠᠭᠠᠭᠰᠠᠨ ᠪᠠᠶᠢᠨ᠎ᠠ᠃ ᠡᠭᠦᠨ ᠳᠤ ᠡᠵᠡᠩᠨᠡᠯᠲᠡ ᠶᠢᠨ ᠭᠤᠣᠯ ᠴᠣᠭᠴᠠ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠨ ᠵᠠᠯᠠᠷᠠᠭᠤᠯᠤᠭᠰᠠᠨ ᠤ ᠳᠠᠷᠠᠭ᠎ᠠ᠂ ᠢᠲᠡᠭᠡᠮᠵᠢ ᠪᠠᠨ ᠰᠡᠷᠭᠦᠭᠡᠬᠦ᠂ ᠬᠦᠨᠳᠦ ᠨᠣᠴᠢᠲᠠᠢ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠠᠴᠠ ᠤᠷᠢᠳᠴᠢᠯᠠᠨ ᠭᠠᠷᠬᠤ ᠪᠠᠷ ᠭᠤᠶᠤᠴᠢᠯᠠᠵᠤ ᠪᠣᠯᠣᠨ᠎ᠠ᠃      ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠠᠬᠢ ᠬᠦᠨᠳᠦ ᠨᠣᠴᠢᠲᠠᠢ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠨ ᠨᠡᠷᠡᠰ ᠤᠨ ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠢᠨ‌ᠣᠯᠠᠨ ᠲᠦᠮᠡᠨ ᠤ ᠠᠩᠬᠠᠷᠤᠯ ᠢ ᠲᠠᠲᠠᠵᠤ ᠪᠠᠶᠢᠭ᠎ᠠ᠂ ᠨᠡᠶᠢᠭᠡᠮ ᠤᠨ ᠨᠥᠯᠥᠭᠡ ᠲᠤᠰᠬᠠᠯ ᠶᠡᠬᠡᠲᠡᠢ᠂ ᠬᠤᠣᠷ  ᠬᠥᠨᠥᠭᠡᠯ  ᠨᠣᠴᠢᠲᠠᠢ ᠨᠥᠯᠥᠭᠡ ᠦᠵᠡᠭᠦᠯᠵᠦ ᠪᠦᠬᠦᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ᠂ ᠡᠳ᠋ ᠬᠥᠷᠥᠩᠭᠡ ᠶᠢᠨ ᠠᠮᠤᠷ ᠲᠦᠪᠰᠢᠨ ᠢ ᠬᠤᠬᠢᠷᠠᠭᠤᠯᠤᠭᠰᠠᠨ᠂ ᠨᠡᠶᠢᠭᠡᠮ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠳᠠᠲᠤ ᠦᠷ᠎ᠡ ᠪᠦᠲᠦᠮᠵᠢ ᠣᠯᠪᠠ᠃ ᠡᠲᠡᠭᠡᠷ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠪᠠᠷ ᠳᠠᠮᠵᠢᠭᠤᠯᠤᠨ᠂ ᠡᠵᠡᠩᠨᠡᠯᠲᠡ ᠶᠢᠨ ᠭᠤᠣᠯ ᠴᠣᠭᠴᠠ  ᠶᠢᠨ ᠴᠡᠭᠡᠷᠯᠡᠯ ᠲᠠᠢ ᠪᠠᠶᠢᠬᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠶᠣᠰᠣ ᠳᠦᠷᠢᠮ ᠢ ᠰᠠᠬᠢᠬᠤ ᠶᠢ ᠠᠬᠢᠭᠤᠯᠵᠤ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠡᠵᠡᠩᠨᠡᠯᠲᠡ ᠬᠢᠬᠦ ᠤᠬᠠᠮᠰᠠᠷ ᠪᠠ  ᠲᠦᠪᠰᠢᠨ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠦᠲᠦᠮᠵᠢᠲᠡᠶ ᠴᠡᠪᠡᠷᠰᠢᠭᠦᠯᠪᠡ᠃      ᠣᠳᠣᠬᠠᠨ ᠳᠤ᠂ ᠮᠠᠨ ᠤ ᠣᠷᠣᠨ ᠶᠠᠭ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠰᠢᠰᠲ᠋ᠧᠮ  ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠣᠯᠠᠨᠲᠠ ᠴᠠᠭᠠᠵᠠᠯᠠᠭᠰᠠᠨ ᠴᠤ ᠵᠣᠭᠰᠤᠭᠠᠬᠤ ᠦᠭᠡᠢ᠂ ᠣᠯᠠᠨᠲᠠ ᠲᠣᠷᠭᠠᠭᠰᠠᠨ ᠴᠤ ᠬᠤᠪᠢᠷᠠᠭᠤᠯᠬᠤ ᠦᠭᠡᠢ︾ ᠪᠠᠶᠢᠬᠤ ᠪᠠᠶᠢᠳᠠᠯ ᠣᠷᠣᠰᠢᠵᠤ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢ ᠲᠥᠪᠯᠡᠷᠡᠭᠦᠯᠦᠨ ᠢᠯᠡᠴᠢᠯᠡᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号