ᠬᠠᠷᠢᠭᠤᠴᠠᠯᠭ᠎ᠠ ᠡᠭᠦᠷᠭᠡᠯᠡᠨ ᠠᠮᠤᠷ ᠠᠮᠤᠭᠤᠯᠠᠩ ᠢ ᠬᠠᠮᠠᠭᠠᠯᠠᠬᠤ
ᠨᠡᠶᠢᠲᠡᠯᠡᠭᠰᠡᠨ ᠴᠠᠭ᠄
2024/5/21
     2024 ᠣᠨ ᠤ 5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 10 ᠴᠠᠭ ᠨᠢᠭᠡ ᠮᠥᠴᠡ ᠳᠤ᠂ ᠰᠠᠶᠢᠬᠠᠨ ᠲᠣᠭᠤᠷᠢᠭ ᠤᠨ ᠵᠣᠣ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠶᠡᠭᠡ ᠲᠠᠶᠢᠰᠠ ᠵᠠᠮ ᠤᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠵᠢᠶᠠ ᠴᠢᠶᠣᠤ ᠯᠢ᠂ ᠰᠢᠦᠢ ᠶᠠᠨ ᠴᠢᠩ᠂ ᠯᠢᠦ ᠵᠢᠶᠠ ᠮᠢᠨ ᠢ ᠳ᠋ᠡ ᠬᠤᠸᠠ ᠶᠤᠸᠠᠨ ᠰᠠᠭᠤᠭᠠᠯᠢ ᠲᠣᠭᠤᠷᠢᠭ ᠲᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠥᠷᠨᠢᠭᠦᠯᠬᠦ ᠦᠶ᠎ᠡ ᠳᠤ᠂ ᠡᠭᠦᠳᠡ ᠡᠷᠦᠬᠡ ᠵᠠᠩ ᠳ᠋ᠠ ᠶᠧ ᠶᠢᠨ ᠡᠭᠦᠳᠡᠨ ᠡᠮᠦᠨᠡᠬᠢ ᠬᠠᠶᠠᠭᠳᠠᠮᠠᠯ ᠡᠳ᠋ ᠤᠨ ᠣᠪᠣᠭᠠᠨ ᠳᠤ ᠮᠠᠨᠠᠭᠳᠠᠭᠰᠠᠨ ᠢ ᠣᠯᠵᠤ ᠮᠡᠳᠡᠪᠡ᠃  ᠭᠤᠷᠪᠠᠨ ᠰᠦᠯᠵᠢᠶᠡᠨ ᠤ ᠠᠵᠢᠯᠲᠠᠨ ᠬᠠᠮᠤᠭ ᠤᠨ ᠲᠦᠷᠦᠭᠦᠨ ᠳᠤ ᠲᠦᠷᠭᠡᠨ ᠠᠪᠤᠷᠠᠬᠤ ᠤᠲᠠᠰᠤ ᠤᠲᠠᠰᠤᠳᠠᠵᠤ᠂ ᠲᠡᠭᠦᠨ ᠤ ᠲᠥᠷᠥᠯ ᠰᠠᠳᠤᠨ ᠲᠠᠢ ᠪᠠᠨ ᠬᠠᠷᠢᠯᠴᠠᠵᠠᠢ᠃
               ᠭᠤᠷᠪᠠᠨ ᠰᠦᠯᠵᠢᠶᠡᠨ ᠤ ᠠᠵᠢᠯᠲᠠᠨ ᠴᠠᠭ ᠲᠤᠬᠠᠢ ᠳᠤᠨᠢ ᠠᠪᠤᠷᠠᠨ ᠲᠤᠰᠠᠯᠠᠯᠲᠠ ᠪᠠ ᠰᠠᠭᠤᠭᠠᠯᠢ ᠠᠷᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠵᠠᠩ ᠨᠠᠰᠤᠲᠠᠨ ᠴᠠᠭ ᠲᠤᠬᠠᠢ ᠳᠤᠨᠢ ᠡᠮ ᠡᠮᠨᠡᠯᠭᠡ ᠶᠢᠨ ᠠᠪᠤᠷᠠᠨ ᠵᠠᠰᠠᠯᠲᠠ ᠭᠥᠷᠳᠡᠪᠡ᠃ ᠡᠨᠡ ᠤᠳᠠᠭᠠᠨ ᠤ ᠬᠡᠷᠡᠭ ᠨᠢ ᠨᠡᠶᠢᠭᠡᠮ ᠲᠣᠭᠤᠷᠢᠭ ᠤᠨ ᠰᠦᠯᠵᠢᠶᠡᠨ ᠤ ᠭᠡᠰᠢᠭᠦᠳ ᠤᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠬᠠᠷᠠᠭᠤᠯᠤᠭᠰᠠᠨ ᠢᠶᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠬᠤ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃ ᠶᠡᠭᠡ ᠲᠠᠶᠢᠰᠠ ᠵᠠᠮ ᠤᠨ ᠨᠡᠶᠢᠭᠡᠮ ᠲᠣᠭᠤᠷᠢᠭ ᠤᠨ ᠬᠢᠨ ᠡᠳᠦᠷ ᠳᠤᠳᠤᠮ ᠤᠨ ᠲᠣᠭᠤᠷᠢᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠲᠣᠣᠷᠵᠢᠯ ᠤᠨ ᠠᠵᠢᠯᠲᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号