ᠰᠠᠶᠢᠬᠠᠨ ᠲᠣᠭᠤᠷᠢᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/5/21
      ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠷᠭ᠎ᠠ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 13 ᠤ ᠡᠳᠦᠷ ᠠᠴᠠ 16 ᠤ ᠡᠳᠦᠷ᠂ ᠰᠠᠶᠢᠬᠠᠨ ᠲᠣᠭᠤᠷᠢᠭ ᠲᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠪᠥᠬᠦ  ᠲᠣᠭᠤᠷᠢᠭ ᠤᠨ ᠡᠯ᠎ᠡ ᠱᠠᠲᠤᠨ ᠤ ᠬᠠᠮᠢᠶ᠎ᠠ ᠪᠦᠬᠦᠢ ᠤᠳᠤᠷᠢᠳᠬᠤ ᠺᠠᠳ᠋ᠷ ᠵᠢᠴᠢ ᠬᠠᠤᠯᠢ ᠪᠠᠷ ᠵᠠᠰᠠᠬᠤ ᠭᠤᠣᠯᠯᠠᠭᠴᠢ ᠬᠦᠴᠦᠨ 400 ᠰᠢᠬᠠᠮ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠲᠤᠬᠠᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ᠣᠶᠢᠯᠠᠭᠠᠯᠲᠠ ᠪᠠ ᠬᠡᠷᠡᠭᠯᠡᠯᠲᠡ ᠵᠡᠷᠭᠡ ᠣᠯᠠᠨ ᠠᠭᠤᠯᠭ᠎ᠠ ᠶᠢ ᠬᠠᠮᠤᠷᠴᠤ᠂ ᠬᠢᠴᠢᠶᠡᠯ ᠣᠷᠣᠬᠤ ᠲᠤᠰᠬᠠᠢ ᠮᠡᠷᠭᠡᠵᠢᠯᠲᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠠᠮᠢᠳᠤᠯᠢᠭ ᠳᠦᠷᠰᠦᠯᠢᠭ ᠲᠠᠶᠢᠯᠤᠮᠵᠢ ᠬᠢᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠵᠢᠭᠠᠨ ᠭᠠᠷᠭᠠᠵᠤ᠂ ᠣᠯᠠᠨ ᠳᠤ ᠰᠡᠳᠬᠢᠴᠡ ᠪᠠᠨ ᠲᠣᠳᠣᠷᠬᠠᠶᠢᠯᠠᠵᠤ᠂ ᠴᠢᠭᠯᠡᠯ ᠢ ᠲᠣᠳᠣᠷᠬᠠᠢ ᠵᠢᠭᠠᠨ ᠥᠭᠴᠦ᠂ ᠲᠠᠷᠠᠭᠠᠴᠢ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠳᠤ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠲᠠᠢ ᠪᠣᠯᠤᠭᠰᠠᠨ ᠪᠠᠶᠢᠨ᠎ᠠ᠃             ᠪᠣᠯᠪᠠᠰᠤᠷᠠᠯ ᠤᠨ ᠳᠤᠮᠳᠠ᠂ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠬᠠᠷᠢᠯᠴᠠᠨ ᠬᠥᠳᠡᠯᠦᠯᠴᠡᠪᠡ᠃ ᠣᠯᠠᠨ ᠢᠶᠠᠷ ᠢᠶᠠᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠬᠡᠯᠪᠡᠷᠢ  ᠨᠢ ᠣᠯᠠᠨ ᠶᠠᠩᠵᠤ᠂ ᠦᠷ᠎ᠡ ᠪᠦᠲᠦᠮᠵᠢ ᠨᠢ ᠢᠯᠡᠷᠬᠡᠢ ᠪᠠᠶᠢᠵᠤ᠂ ᠰᠠᠶᠢᠬᠠᠨ ᠲᠣᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠂ ᠬᠤᠶᠢᠰᠢᠳᠠ ᠰᠣᠷᠣᠭᠰᠠᠨ ᠮᠡᠳᠡᠯᠭᠡ ᠪᠠ ᠠᠷᠭ᠎ᠠ ᠪᠠᠨ ᠪᠣᠳᠠᠲᠠᠢ ᠠᠵᠢᠯ ᠤᠨ ᠳᠤᠮᠳᠠ ᠪᠠᠨ ᠬᠡᠷᠡᠭᠯᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃       ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号