ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃          ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠬᠡᠷᠡᠭᠵᠢᠭᠦᠯᠬᠦ ᠬᠦᠴᠦᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠠᠭᠠᠯᠠᠬᠤ᠂ ᠵᠠᠰᠠᠬᠤ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠭᠵᠢᠯᠲᠡ ᠶᠢ ᠠᠳᠬᠤᠪᠠᠯ ᠬᠠᠮᠠᠭᠠᠯᠠᠯᠲᠠ ᠶᠢ ᠠᠳᠬᠤᠬᠤ ᠪᠠᠨ ᠮᠠᠷᠲᠠᠬᠤ ᠶᠢ ᠡᠷᠡᠰ ᠰᠡᠷᠭᠡᠶᠢᠯᠡᠵᠦ᠂ ᠨᠢᠭᠡ ᠲᠦᠯᠬᠢᠪᠡᠯ ᠨᠢᠭᠡ ᠬᠦᠴᠦᠯᠡᠵᠦ᠂ ᠲᠦᠯᠬᠢᠬᠦ ᠦᠭᠡᠢ ᠪᠣᠯ ᠬᠥᠳᠡᠯᠬᠦ ᠦᠭᠡᠢ ᠪᠠᠶᠢᠬᠤ ᠶᠢ ᠡᠷᠡᠰ ᠰᠡᠷᠭᠡᠶᠢᠯᠡᠵᠦ᠂ ᠨᠢᠭᠤᠷ ᠲᠠᠯ᠎ᠠ ᠬᠠᠷᠠᠬᠤ᠂ ᠰᠠᠶᠢᠨ ᠬᠥᠮᠥᠨ ᠪᠣᠯᠬᠤ᠂ ᠬᠢᠨᠠᠯᠲᠠ ᠬᠠᠮᠢᠶᠠᠷᠤᠯᠲᠠ ᠳᠤ ︽ᠠᠭᠤᠵᠢᠭᠤ ᠰᠤᠯᠠ ᠵᠥᠭᠡᠯᠡᠨ︾ ᠪᠠᠶᠢᠬᠤ ᠶᠢ ᠡᠷᠡᠰ ᠰᠡᠷᠭᠡᠶᠢᠯᠡᠵᠦ᠂ ︽ᠪᠠᠷᠤᠭ ᠲᠥᠯᠥᠪ︾᠂ ︽ᠠᠷᠭᠠᠴᠠᠭᠠᠵᠤ ᠳᠡᠶᠢᠯᠬᠦ︾ ᠣᠪᠣᠷ ᠢᠶᠠᠷ ᠴᠡᠭᠴᠡᠯᠡᠨ ᠥᠭᠡᠷᠡᠴᠢᠯᠡᠬᠦ ᠠᠵᠢᠯ ᠢ ᠠᠳᠬᠤᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠭᠰᠠᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠦᠨᠡᠨ ᠪᠣᠳᠠᠲᠠᠢ ᠠᠵᠢᠯᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠰᠠᠮᠠᠭᠤᠨ ᠦᠵᠡᠭᠳᠡᠯ ᠢ ᠵᠠᠰᠠᠵᠤ᠂ ᠲᠤᠰᠬᠠᠢ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ᠂ ᠬᠠᠤᠯᠢ ᠪᠤᠰᠤ ᠪᠠᠷ ᠪᠣᠬᠢᠷᠳᠤᠯ ᠪᠣᠳᠠᠰ ᠭᠠᠳᠠᠭᠰᠢᠯᠠᠭᠤᠯᠬᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠰᠣᠬᠤᠷ ᠪᠠᠯᠠᠢ ᠪᠠᠷ ︽ᠬᠤᠶᠠᠷ ᠥᠨᠳᠥᠷ ᠨᠢᠭᠡ ᠳᠣᠣᠷ᠎ᠠ︾ ᠲᠦᠷᠦᠯ ᠵᠦᠢᠯ ᠢ ᠬᠡᠷᠡᠭᠵᠢᠭᠦᠯᠬᠦ ᠵᠡᠷᠭᠡ ᠲᠣᠪᠣᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠠᠰᠠᠭᠤᠳᠠᠯ ᠢ ᠨᠢᠭᠡᠳ ᠨᠢᠭᠡ ᠪᠠᠷ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ᠤ ︽ᠨᠢᠭᠡᠳᠦᠭᠡᠷ ᠭᠠᠷ︾ ᠡᠷᠬᠡᠪᠰᠢ ᠦᠨᠡᠨ ᠬᠦ ᠭᠠᠷᠳᠠᠨ ᠬᠢᠵᠦ᠂ ︽ᠤᠳᠠᠭᠠᠨ᠂ ᠪᠦᠳᠦᠭᠦᠯᠢᠭ᠂ ᠬᠤᠳᠠᠯ︾ ᠪᠠᠶᠢᠬᠤ ᠠᠰᠠᠭᠤᠳᠠᠯ ᠢ ᠡᠷᠡᠰ ᠲᠡᠪᠴᠢᠵᠦ᠂ ᠱᠠᠲᠤ ᠳᠠᠷᠠᠭᠠᠯᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠰᠠᠭᠤᠳᠠᠯ ᠤᠨ ᠨᠠᠷᠢᠨ ᠳᠠᠩᠰᠠ᠂ ᠠᠷᠭ᠎ᠠ ᠬᠡᠮᠵᠢᠶ᠎ᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠲᠤᠰᠬᠠᠢ ᠬᠥᠮᠥᠨ ᠬᠠᠷᠢᠭᠤᠴᠠᠵᠤ᠂ ᠲᠤᠰᠬᠠᠢ ᠵᠦᠢᠯ ᠢᠶᠠᠷ ᠱᠠᠯᠠᠪᠳᠠᠭᠤᠯᠤᠨ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠂ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠮᠠᠭᠠᠯᠠᠵᠤ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠠᠮ ᠤᠨ ᠲᠥᠪ ᠬᠤᠷᠢᠶ᠎ᠠ ᠳᠤ ᠰᠠᠶᠢᠲᠤᠷ ᠳᠠᠩᠰᠠ ᠲᠤᠰᠢᠶᠠᠵᠤ᠂ ᠠᠷᠠᠳ ᠣᠯᠠᠨ ᠳᠤ ᠰᠠᠶᠢᠲᠤᠷ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃            ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号