ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤ
ᠨᠡᠶᠢᠲᠡᠯᠡᠭᠰᠡᠨ ᠴᠠᠭ᠄
2024/5/22
      ᠳ᠋ᠦᠩ ᠭᠠᠨ ᠵᠠᠩ ᠲᠣᠰᠬᠤᠨ ᠢᠦᠢ ᠯᠢᠨ ᠪᠠᠯᠭᠠᠰᠤ ᠶᠢᠨ ᠠᠵᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠲᠠᠢ ᠵᠠᠰᠠᠭ ᠵᠠᠬᠢᠷᠭᠠᠨ ᠤ ᠲᠣᠰᠬᠤᠨ ᠪᠣᠯᠤᠭᠰᠠᠨ ᠤ ᠬᠤᠪᠢ ᠳᠤ᠂ ᠲᠣᠰᠬᠤᠨ ᠤ ᠳᠣᠲᠣᠷᠠᠬᠢ ᠲᠡᠦᠬᠡ ᠰᠣᠶᠣᠯ᠂ ᠠᠮᠢ ᠠᠬᠤᠢ ᠶᠢᠨ ᠣᠷᠴᠢᠨ ᠲᠣᠭᠤᠷᠢᠨ᠂ ᠠᠵᠤ ᠦᠢᠯᠡᠰ ᠤᠨ ᠬᠥᠭᠵᠢᠯᠲᠡ ᠵᠡᠷᠭᠡ ᠡᠬᠢ ᠪᠠᠶᠠᠯᠢᠭ ᠲᠥᠪᠯᠡᠷᠡᠵᠦ᠂ ᠳᠠᠯᠠᠨ ᠬᠠᠷ᠎ᠠ ᠠᠭᠤᠯᠠ ᠶᠢᠨ ᠪᠠᠶᠢᠯᠳᠤᠭᠠᠨᠲᠤ ᠤᠯᠤᠰ ᠤᠨ ᠵᠤᠤ ᠴᠠᠩ ᠴᠧᠩ ᠪᠠᠭᠤᠷᠢ ᠲᠠᠢ ᠬᠥᠷᠰᠢᠯᠡᠵᠦ᠂ 1.5 ᠲᠦᠮᠡᠨ ᠮᠦ ᠤᠢ ᠰᠢᠭᠤᠢ ᠲᠠᠢ ᠪᠠᠶᠢᠳᠠᠭ᠃ ᠣᠶᠢᠷ᠎ᠠ ᠶᠢᠨ ᠵᠢᠯ ᠠᠴᠠ᠂ ᠳ᠋ᠦᠩ ᠭᠠᠨ ᠵᠠᠩ ᠲᠣᠰᠬᠤᠨ ᠲᠦᠮᠡᠨ ᠮᠦ ᠠᠮᠢ ᠠᠬᠤᠢ ᠶᠢᠨ ᠤᠢ ᠪᠣᠯᠣᠨ ᠶᠡᠭᠡ ᠲᠦᠷᠭᠡᠨ ᠭᠤᠣᠯ ᠤᠨ ᠤᠰᠤᠨ ᠰᠢᠰᠲ᠋ᠧᠮ ᠢᠶᠠᠷ ᠲᠦᠰᠢᠭ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠭᠤᠣᠯ ᠰᠡᠳᠦᠪᠲᠦ ᠠᠷᠠᠳ ᠤᠨ ᠣᠷᠣᠨ ᠰᠠᠭᠤᠴᠠ᠂ ᠠᠮᠢ ᠠᠬᠤᠢ ᠶᠢᠨ ᠵᠢᠮᠢᠰ ᠲᠡᠭᠦᠬᠦ ᠵᠢᠱᠢᠶ᠎ᠡ ᠦᠵᠡᠭᠦᠯᠬᠦ ᠬᠦᠷᠢᠶᠡᠯᠡᠩ ᠪᠣᠯᠣᠨ ᠬᠡᠭᠡᠷ᠎ᠡ ᠪᠠᠭᠤᠳᠠᠯᠯᠠᠬᠤ ᠰᠠᠭᠤᠷᠢᠨ ᠢ ᠪᠠᠶᠢᠭᠤᠯᠵᠤ᠂ ᠬᠤᠳᠠ ᠶᠢᠨ ᠠᠷᠠᠳ ᠤᠨ ᠭᠠᠳᠠᠭᠰᠢ ᠵᠤᠭᠠᠴᠠᠬᠤ ᠰᠠᠶᠢᠨ ᠭᠠᠵᠠᠷ ᠪᠣᠯᠣᠨ ᠣᠷᠣᠯᠭ᠎ᠠ ᠶᠢ ᠨᠡᠮᠡᠭᠳᠡᠭᠦᠯᠦᠨ ᠠᠷᠠᠳ ᠢ ᠪᠠᠶᠠᠵᠢᠭᠤᠯᠬᠤ ᠰᠠᠶᠢᠨ ᠲᠤᠷᠰᠢᠯᠲᠠ ᠶᠢᠨ ᠴᠡᠭ ᠪᠣᠯᠤᠭᠰᠠᠨ ᠪᠠᠶᠢᠨ᠎ᠠ᠃ 2019 ᠣᠨ ᠤ 12 ᠰᠠᠷ᠎ᠠ ᠳᠤ᠂ ᠵᠡᠭᠦᠨ ᠬᠠᠭᠤᠷᠠᠢ ᠴᠠᠭᠠᠨ ᠲᠣᠰᠬᠤᠨ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠤᠯᠤᠰ ᠤᠨ ᠤᠢ ᠰᠢᠭᠤᠢ ᠬᠥᠳᠡᠭᠡ ᠲᠣᠰᠬᠤᠨ ᠢᠶᠠᠷ ᠦᠨᠡᠯᠡᠭᠳᠡᠪᠡ᠃ 2023 ᠣᠨ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 20 ᠲᠦᠮᠡᠨ ᠲᠥᠭᠦᠷᠢᠭ ᠲᠤ ᠬᠦᠷᠴᠡᠢ᠃
      ᠰᠢᠨ᠎ᠡ ᠪᠠᠷ ᠪᠠᠶᠢᠭᠤᠯᠤᠭᠰᠠᠨ ᠪᠦᠲᠦᠭᠡᠯᠴᠢ ᠠᠷᠠᠳ ᠤᠨ ᠣᠷᠣᠨ ᠰᠠᠭᠤᠴᠠ ᠠᠴᠠ ᠭᠠᠳᠠᠨ᠎ᠠ᠂ ᠡᠨᠡ ᠵᠢᠯ᠂ ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠪᠣᠯᠣᠨ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠂ ᠠᠮᠵᠢᠵᠤ ︽ᠲᠣᠰᠬᠤᠨ ᠤ ᠠᠷᠠᠳ ᠤᠨ ᠵᠥᠪᠯᠡᠯ ᠤᠨ ᠺᠣᠮᠫᠠᠨᠢ ᠶᠢᠨ ᠠᠵᠤ ᠦᠢᠯᠡᠰ︾ ᠤᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ᠳ᠋ᠦᠩ ᠭᠠᠨ ᠵᠠᠩ ᠲᠣᠰᠬᠤᠨ ᠤ ᠠᠷᠠᠳ ᠤᠨ ᠵᠥᠪᠯᠡᠯ ᠤᠨ ᠮᠧᠩ ᠵᠢᠩ ᠶᠤᠸᠠᠨ ᠵᠤᠭᠠᠴᠠᠯ ᠤᠨ ᠬᠢᠵᠠᠭᠠᠷᠲᠤ ᠺᠣᠮᠫᠠᠨᠢ ᠶᠢ ᠵᠢᠯᠣᠭᠤᠳᠤᠨ ᠮᠧᠩ ᠵᠢᠩ ᠶᠤᠸᠠᠨ ᠵᠤᠭᠠᠴᠠᠯ ᠤᠨ ᠬᠢᠵᠠᠭᠠᠷᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠵᠤ᠂ ᠵᠠᠬ᠎ᠠ ᠳᠡᠯᠭᠡᠭᠦᠷ ᠤᠨ ᠵᠠᠭᠪᠤᠷ ᠢᠶᠠᠷ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠤᠤᠯ ᠤᠨ ᠬᠦᠯᠡᠮᠵᠢ ᠵᠢᠮᠢᠰ ᠲᠡᠭᠦᠬᠦ᠂ ᠨᠦᠬᠡᠨ ᠭᠡᠷ ᠤᠨ ᠠᠷᠠᠳ ᠤᠨ ᠣᠷᠣᠨ ᠰᠠᠭᠤᠴᠠ ᠶᠢᠨ ᠰᠠᠭᠤᠷᠢᠨ ᠳᠡᠭᠡᠷ᠎ᠡ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠰᠤᠳᠤᠯᠤᠨ ᠰᠤᠷᠤᠯᠴᠠᠬᠤ᠂ ᠲᠡᠭᠦᠬᠦ᠂ ᠬᠤᠨᠣᠬᠤ ᠶᠢ ᠨᠢᠭᠡ ᠴᠣᠭᠴᠠᠵᠢᠭᠤᠯᠤᠭᠰᠠᠨ ᠪᠦᠬᠦ ᠤᠯᠠᠷᠢᠯ ᠤᠨ ᠵᠤᠭᠠᠴᠠᠯ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠪᠠᠶᠢᠭᠤᠯᠤᠨ᠎ᠠ᠃ ᠲᠥᠷᠥᠯ ᠵᠦᠢᠯ ᠨᠢ 50 ᠮᠦ ᠭᠠᠵᠠᠷ ᠡᠵᠡᠯᠡᠵᠦ᠂ ᠲᠠᠷᠢᠶᠠᠯᠠᠬᠤ ᠰᠣᠶᠣᠯ ᠤᠨ ᠬᠦᠷᠢᠶᠡᠯᠡᠩ ᠲᠣᠭᠤᠷᠢᠭ᠂ ᠬᠦᠯᠡᠮᠵᠢ ᠶᠢᠨ ᠵᠢᠮᠢᠰ ᠲᠡᠭᠦᠬᠦ ᠲᠣᠭᠤᠷᠢᠭ᠂ ᠬᠤᠪᠢᠰᠬᠠᠯ ᠤᠨ ᠨᠦᠬᠡᠨ ᠭᠡᠷ ᠤᠨ ᠲᠣᠭᠤᠷᠢᠭ ᠪᠠ ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠢ ᠪᠠᠭᠲᠠᠭᠠᠨ᠎ᠠ᠃
      ︽ᠲᠠᠷᠢᠶᠠᠯᠠᠭ᠎ᠠ ᠶᠢᠨ ᠰᠣᠶᠣᠯ ᠤᠨ ᠬᠦᠷᠢᠶᠡᠯᠡᠩ ᠲᠣᠭᠤᠷᠢᠭ ᠲᠤ ᠪᠠᠶᠢᠯᠳᠤᠭᠠᠨᠲᠤ ᠤᠯᠤᠰ ᠤᠨ ᠵᠤᠤ ᠶᠢᠨ ᠣᠷᠳᠣ ᠴᠠᠭᠠᠨ ᠬᠡᠷᠡᠮ ᠤᠨ ᠪᠠᠭᠤᠷᠢ ᠪᠠ ᠲᠠᠷᠢᠶᠠᠯᠠᠩ ᠤᠨ ᠰᠣᠶᠣᠯ ᠤᠨ ᠣᠷᠳᠣᠨ ᠳᠤ ᠲᠦᠰᠢᠭᠯᠡᠨ᠂ 200 ᠬᠥᠮᠥᠨ ᠤ ᠬᠡᠪᠴᠢᠶᠡᠨ ᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ ᠪᠣᠯᠣᠨ᠎ᠠ︔ ᠬᠦᠯᠡᠮᠵᠢ ᠶᠢᠨ ᠲᠣᠭᠤᠷᠢᠭ ᠤᠨ 48 ᠲᠣᠮᠣ ᠬᠦᠯᠡᠮᠵᠢ ᠪᠠᠶᠢᠵᠤ᠂ ᠬᠥᠬᠡ ᠵᠢᠮᠢᠰᠭᠡᠨ᠎ᠡ᠂ ᠴᠡᠴᠡᠭ ᠦᠭᠡᠢ ᠵᠢᠮᠢᠰ᠂ ᠲᠣᠰᠣᠨ ᠲᠤᠭᠤᠷ ᠵᠡᠷᠭᠡ ᠵᠢᠮᠢᠰ ᠪᠠ ᠢᠳᠡᠰᠢᠨ ᠨᠣᠭᠤᠭ᠎ᠠ ᠲᠠᠷᠢᠨ᠎ᠠ︔ ᠤᠯᠠᠭᠠᠨ ᠥᠩᠭᠡ ᠶᠢᠨ ᠨᠦᠬᠡᠨ ᠭᠡᠷ ᠤᠨ ᠬᠤᠨᠤᠭ ᠤᠨ ᠲᠣᠭᠤᠷᠢᠭ ᠨᠢ ᠬᠤᠪᠢᠰᠬᠠᠯ ᠤᠨ ᠰᠣᠶᠣᠯ ᠢᠶᠠᠷ ᠰᠦᠭ ᠰᠦᠨᠡᠰᠦ ᠪᠣᠯᠭᠠᠵᠤ᠂ ᠨᠦᠬᠡᠨ ᠭᠡᠷ ᠲᠤ ᠡᠪᠦᠯ ᠤᠨ ᠤᠯᠠᠷᠢᠯ ᠳᠤ ᠳᠤᠯᠠᠭᠠᠨ ᠵᠤᠨ ᠤ ᠰᠡᠷᠢᠭᠦᠨ ᠪᠠᠶᠢᠵᠤ᠂ ᠣᠷᠣᠰᠢᠨ ᠰᠠᠭᠤᠬᠤ ᠳᠤ ᠲᠠᠭᠠᠯᠠᠮᠵᠢᠲᠠᠢ︔ ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠲᠤ ᠪᠠᠶᠢᠭᠠᠯᠢ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠬᠠᠳᠠᠭᠠᠯᠠᠭᠰᠠᠨ ᠢᠶᠠᠷ ᠪᠠᠷᠠᠬᠤ ᠦᠭᠡᠢ᠂ ᠤᠳᠤ ᠦᠶ᠎ᠡ ᠶᠢᠨ ᠡᠯᠧᠮᠧᠨ᠋ᠲ ᠪᠠ ᠥᠪᠡᠷᠮᠢᠴᠡ ᠦᠢᠯᠡᠴᠢᠯᠡᠭᠡ ᠳᠤ ᠠᠭᠤᠰᠤᠯᠴᠠᠵᠤ᠂ ︿ᠡᠭᠦᠳᠡ ᠪᠠᠷ ᠣᠷᠣᠬᠤ ᠳᠤ ᠣᠨᠴᠠᠯᠢᠭ ᠲᠠᠢ᠂ ᠭᠠᠳᠠᠭᠰᠢ ᠭᠠᠷᠬᠤ ᠳᠤ ᠭᠤᠶᠢᠳᠠ ᠰᠠᠶᠢᠬᠠᠨ ᠪᠠᠶᠢᠬᠤ﹀ ᠪᠠᠶᠢᠷᠢᠰᠢᠭᠤᠯᠤᠯᠲᠠ ᠶᠢᠨ ᠬᠡᠪ ᠨᠠᠮᠪᠠ ᠶᠢ ᠢᠯᠡᠷᠡᠭᠦᠯᠪᠡ︾ ᠭᠡᠵᠦ ᠵᠡᠭᠦᠨ ᠭᠠᠨ ᠵᠣ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠳᠠᠷᠤᠭ᠎ᠠ ᠸᠠᠩ ᠵᠦᠩ ᠯᠤᠩ ᠲᠠᠨᠢᠯᠴᠠᠭᠤᠯᠪᠠ᠃
     ᠲᠠᠷᠠᠭᠠᠴᠢ ᠶᠢᠨ ᠠᠯᠬᠤᠮ ᠳᠤ᠂ ᠢᠦᠢ ᠯᠢᠨ ᠪᠠᠯᠭᠠᠰᠤ ᠦᠷᠭᠦᠯᠵᠢᠯᠡᠨ ᠶᠡᠭᠡ ᠲᠦᠷᠭᠡᠨ ᠭᠤᠣᠯ ᠤᠨ ᠠᠮᠢ ᠠᠬᠤᠢ ᠶᠢᠨ ᠬᠤᠩᠭᠢᠯ ᠤᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠩᠭᠡᠯᠢᠭ ᠤᠨ ᠪᠦᠰᠡ ᠶᠢᠨ ᠪᠠᠶᠢᠷᠢᠰᠢᠭᠤᠯᠤᠯᠲᠠ ᠶᠢ ᠪᠦᠲᠦᠭᠡᠨ ᠪᠠᠶᠢᠭᠤᠯᠵᠤ᠂ ᠲᠣᠰ ᠭᠠᠵᠠᠷ ᠤᠨ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠤᠨ᠂ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ ᠳ᠋ᠣᠣ ᠾᠧ ᠲᠣᠰᠬᠤᠨ ᠤ ᠠᠭᠤᠯᠠ ᠤᠰᠤᠨ ᠤ ᠬᠥᠮᠥᠨ ᠰᠣᠶᠣᠯ ᠤᠨ ᠡᠬᠢ ᠪᠠᠶᠠᠯᠢᠭ᠂ ᠮᠠ ᠽᠥᠩ ᠱᠠᠨ ᠤ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠵᠡᠷᠭᠡ ᠲᠠᠢ ᠬᠤᠯᠪᠤᠭᠠᠯᠠᠨ ᠬᠥᠳᠡᠯᠦᠯᠴᠡᠵᠦ᠂ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号