ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/5/22
     ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ ᠭᠡᠷ ᠪᠠᠶᠢᠰᠢᠩ ᠬᠤᠳᠠᠯᠳᠤᠨ ᠠᠪᠬᠤ ᠳᠠᠷᠤᠭᠠᠰᠤ ᠶᠢ ᠪᠦᠲᠦᠮᠵᠢᠲᠡᠢ ᠪᠠᠷ ᠬᠥᠩᠭᠡᠷᠡᠭᠦᠯᠦᠨ᠎ᠡ            - ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠡ            ᠣᠷᠴᠢᠮᠬᠠᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0.25 % ᠪᠠᠭᠤᠷᠠᠭᠤᠯᠪᠠ᠃ ᠲᠣᠰ ᠤᠳᠠᠭᠠᠨ ᠤ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠳᠤᠮᠳᠠᠳᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠰᠣᠨᠢᠨ᠂ ᠪᠠᠷᠢᠯᠭ᠎ᠠ ᠶᠢᠨ ᠰᠡᠳᠬᠦᠯ ᠤᠨ ᠬᠤᠷᠢᠶ᠎ᠠ ᠬᠠᠮᠲᠤᠷᠠᠨ ᠨᠡᠶᠢᠭᠡᠮ ᠤᠨ ᠬᠠᠯᠠᠮᠰᠢᠯ ᠠᠰᠠᠭᠤᠳᠠᠯ ᠤᠨ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠢ ᠰᠤᠷᠪᠤᠯᠵᠢᠯᠠᠪᠠ᠃            ᠨᠢᠭᠡ᠂ ᠡᠨᠡ ᠬᠦ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠨᠡᠶᠢᠭᠡᠮ ᠤᠨ ᠠᠩᠬᠠᠷᠤᠯ ᠢ ᠥᠷᠭᠡᠨ ᠢᠶᠠᠷ ᠲᠠᠲᠠᠵᠤ ᠪᠠᠶᠢᠨ᠎ᠠ᠂ ᠡᠨᠡ ᠤᠳᠠᠭ᠎ᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ   ᠪᠠᠭᠤᠷᠠᠭᠤᠯᠤᠭᠰᠠᠨ ᠬᠠᠮᠢᠶ᠎ᠠ ᠪᠦᠬᠦᠢ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖            ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠥᠪ ᠠᠴᠠ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠲᠤ ᠳᠣᠣᠷ᠎ᠠ ᠬᠦᠦ ᠮᠥᠩᠭᠦ ᠲᠠᠢ ᠭᠡᠷ ᠬᠤᠳᠠᠯᠳᠤᠨ ᠠᠪᠬᠤ ᠵᠢᠭᠡᠯᠡᠯᠭᠡ ᠬᠠᠩᠭᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ ᠤᠯᠠᠨ ᠲᠦᠮᠡᠨ ᠤ ᠬᠦᠷᠢᠶᠡᠯᠡᠯ ᠠᠩᠬᠠᠷᠤᠯ ᠢ ᠶᠡᠬᠡᠳᠡ ᠣᠯᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠪᠡ᠃ 2012 ᠣᠨ ᠠᠴᠠ ᠨᠠᠰᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠲᠡ 12.9 ᠲᠦᠮᠡᠨ ᠳ᠋ᠦᠩᠰᠢᠭᠤᠷ ᠲᠥᠭᠦᠷᠢᠭ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ ᠨᠢ 2.7 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 ᠣᠨ ᠳᠤ 7.8 ᠲᠦᠮᠡᠨ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ 5000 ᠲᠦᠮᠡ ᠰᠢᠬᠠᠮ ᠲᠤᠰᠢᠶᠠᠨ ᠬᠠᠳᠠᠭᠠᠯᠠᠭᠤᠯᠤᠭᠴᠢ ᠶᠢᠨ ᠰᠠᠭᠤᠬᠤ ᠠᠴᠠ ᠣᠷᠣᠨ ᠰᠠᠭᠤᠴᠠ ᠲᠠᠢ ᠪᠣᠯᠬᠤ ᠶᠢ ᠳᠡᠮᠵᠢᠪᠡ ᠂ ᠡᠭᠦᠨ ᠳᠤ 80% ᠠᠴᠠ ᠳᠡᠭᠡᠭᠰᠢᠬᠢ ᠨᠢ ᠠᠩᠬᠠᠳᠤᠭᠠᠷ ᠢᠵᠢ ᠣᠷᠣᠨ ᠰᠠᠭᠤᠴᠠ ᠪᠣᠯᠣᠨ᠎ᠠ᠃ ᠣᠶᠢᠷ᠎ᠠ ᠶᠢᠨ ᠵᠢᠯ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠵᠦ᠂ 2023 ᠣᠨ ᠳᠤ ᠵᠢᠭᠡᠯᠡᠯᠭᠡ ᠶᠢᠨ ᠦᠯᠡᠳᠡᠪᠦᠷᠢ ᠲᠤᠭ᠎ᠠ 7% ᠰᠢᠬᠠᠮ ᠨᠡᠮᠡᠭᠳᠡᠵᠦ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠠᠳᠠᠯᠢ ᠬᠤᠭᠤᠴᠠᠭᠠᠨ ᠤ  ᠬᠢ ᠠᠴᠠ 24% ᠶᠢ ᠳᠠᠪᠠᠵᠤ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠯᠡᠭᠡ ᠶᠢ ᠬᠦᠴᠦᠲᠡᠢ ᠳᠡᠮᠵᠢᠪᠡ᠃            ᠲᠤᠰᠢᠶᠠᠨ ᠬᠠᠳᠠᠭᠠᠯᠠᠭᠤᠯᠤᠭᠴᠢ ᠶᠢᠨ ᠵᠢᠭᠡᠯᠡᠯᠭᠡ ᠶᠢ ᠳᠡᠮᠵᠢᠬᠦ ᠡᠷᠴᠢᠮ ᠢ ᠴᠢᠩᠭᠠᠷᠠᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠣᠰᠣᠭᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠢᠳᠡᠪᠬᠢᠲᠡᠢ ᠪᠠᠷ ᠰᠤᠳᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠯᠢ ᠣᠯᠠᠨ ᠠᠵᠢᠯ ᠳᠤ ᠣᠷᠣᠭᠤᠯᠤᠨ ᠪᠣᠳᠣᠯᠬᠢᠯᠠᠵᠤ᠂ ᠠᠷᠠᠳ ᠤᠨ ᠪᠠᠩᠬᠢ ᠲᠠᠢ ᠬᠠᠮᠲᠤ ᠪᠠᠷ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ ᠶᠢ ᠠᠬᠢᠭᠤᠯᠪᠠ᠃ 5 ᠳ᠋ᠤᠭᠠᠷ ᠰᠠᠷ᠎ᠠ ᠶᠢᠨ 17 ᠤ ᠡᠳᠦᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠲᠤᠬᠠᠢ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ  ᠵᠢᠯᠤᠭᠤᠳᠴᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠥᠷᠭᠡᠨ ᠣᠯᠠᠨ ᠲᠤᠰᠢᠶᠠᠨ ᠬᠠᠳᠠᠭᠠᠯᠠᠭᠤᠯᠤᠭᠴᠢ ᠳᠤ ᠡᠨᠡ ᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠡᠳ᠋ᠯᠡᠭᠦᠯᠪᠡ᠃            ᠬᠤᠶᠠᠷ᠂ ᠲᠣᠰ ᠤᠳᠠᠭ᠎ᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠰᠢᠶᠠᠨ ᠬᠠᠳᠠᠭᠠᠯᠠᠭᠤᠯᠤᠭᠴᠢ ᠳᠤ ᠬᠡᠴᠢᠨᠡᠨ ᠶᠡᠭᠡ ᠪᠣᠳᠠᠲᠤ ᠠᠰᠢᠭ ᠬᠦᠷᠲᠡᠬᠦ ᠪᠣᠶ︖            ᠡᠨᠡ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠬᠦᠦ ᠮᠥᠩᠭᠦ ᠶᠢᠨ ᠨᠣᠷᠮ᠎ᠠ ᠶᠢ 0.25 % ᠪᠠᠷ ᠪᠠᠭᠤᠷᠠᠭᠤᠯᠵᠠᠢ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ︶ ᠪᠠ 5 ᠵᠢᠯ ᠠᠴᠠ ᠳᠡᠭᠡᠭᠰᠢ ᠬᠤᠪᠢ ᠬᠥᠮᠥᠨ ᠤ ᠠᠩᠬᠠᠳᠠᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠲᠣᠰ ᠪᠦᠷᠢ 2. 35% ᠪᠠ 2.85% ᠪᠤᠯᠭᠠᠵᠤ᠂ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠲᠣᠰ ᠪᠦᠷᠢ 2.775% ᠪᠠ 3.325% ᠪᠤᠯᠭᠠᠵᠤ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠳᠤ ᠳᠡᠮᠵᠢᠯᠭᠡ ᠦᠵᠡᠭᠦᠯᠬᠦ ᠡᠷᠴᠢᠮ ᠨᠠᠩ ᠶᠡᠭᠡ ᠪᠣᠯᠪᠠ᠃            ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠨᠢ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠠᠪᠤᠭᠴᠢ ᠬᠠᠮᠤᠭ ᠤᠨ ᠰᠢᠭᠤᠳ ᠠᠰᠢᠭ ᠬᠦᠷᠳᠡᠭᠴᠢ ᠪᠣᠯᠵᠠᠢ᠃ 100 ᠲᠦᠮᠡᠨ ᠲᠥᠭᠦᠷᠢᠭ᠂ ᠬᠤᠭᠤᠴᠠᠭ᠎ᠠ ᠨᠢ 30 ᠵᠢᠯ ᠤᠨ ᠠᠩᠬᠠᠳᠠᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠵᠢᠱᠢᠶᠡᠯᠡᠪᠡᠯ᠂ ᠬᠦᠦ ᠮᠥᠩᠭᠦ ᠡᠬᠡ ᠮᠥᠩᠭᠦ ᠶᠢ ᠲᠡᠩᠴᠡᠭᠦᠯᠦᠨ ᠪᠤᠴᠠᠭᠠᠬᠤ ᠠᠷᠭ᠎ᠠ ᠮᠠᠶ᠋ᠢᠭ ᠢ ᠰᠣᠩᠭᠤᠪᠠᠯ᠂ ᠰᠠᠷ᠎ᠠ ᠶᠢᠨ ᠬᠠᠩᠭᠠᠯᠭ᠎ᠠ ᠨᠢ 4270.16 ᠲᠥᠭᠦᠷᠢᠭ ᠪᠠᠶᠢᠭᠰᠠᠨ ᠠᠴᠠ ᠪᠠᠨ 4135.57 ᠲᠥᠭᠦᠷᠢᠭ ᠪᠣᠯᠣᠨ ᠪᠠᠭᠤᠷᠠᠵᠤ᠂ ᠪᠠᠷᠤᠭ 135 ᠲᠥᠭᠦᠷᠢᠭ ᠪᠠᠭᠠᠰᠴᠤ᠂ ᠶᠡᠷᠦᠩᠬᠡᠢ ᠬᠦᠦ ᠮᠥᠩᠭᠦ ᠶᠢᠨ ᠵᠠᠷᠤᠯᠭ᠎ᠠ ᠨᠢ 4.85 ᠲᠦᠮᠡᠨ ᠲᠥᠭᠦᠷᠢᠭ ᠠᠷᠪᠢᠯᠠᠨ᠎ᠠ᠃ ᠭᠡᠷ ᠬᠤᠳᠠᠯᠳᠤᠨ ᠠᠪᠤᠭᠴᠢ ᠳᠤ ᠦᠨᠡᠨ ᠪᠣᠳᠠᠲᠠᠢ ᠰᠠᠶᠢᠨ ᠲᠠᠯ᠎ᠠ ᠲᠠᠢ᠃            ᠲᠣᠰ ᠤᠳᠠᠭᠠᠨ ᠤ ᠵᠢᠭᠡᠯᠡᠯᠭᠡ ᠶᠢᠨ ᠬᠦᠦ ᠨᠣᠷᠮ᠎ᠠ ᠶᠢᠨ ᠲᠣᠬᠢᠷᠠᠭᠤᠯᠤᠯᠲᠠ ᠶᠢᠨ ᠬᠦᠷᠢᠶ᠎ᠡ ᠬᠡᠪᠴᠢᠶ᠎ᠡ ᠳᠤ ᠰᠢᠨ᠎ᠡ ᠪᠠᠷ ᠲᠠᠷᠬᠠᠭᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠪᠠᠭᠲᠠᠭᠠᠬᠤ ᠪᠠᠷ ᠪᠠᠷᠠᠬᠤ ᠦᠭᠡᠢ᠂ ᠪᠠᠰᠠ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠪᠠᠭᠲᠠᠭᠠᠪᠠ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠨᠢᠭᠡᠨᠲᠡ ᠲᠠᠷᠬᠠᠭᠠᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠨᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠦᠨ᠎ᠡ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ︵ᠪᠠᠭᠲᠠᠨ᠎ᠠ︶ ᠤᠨ ᠳᠠᠷᠠᠭ᠎ᠠ ᠰᠢᠨ᠎ᠡ ᠪᠠᠷ ᠲᠠᠷᠬᠠᠭᠠᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠰᠢᠨ᠎ᠡ ᠬᠦᠦ ᠮᠥᠩᠭᠦ ᠶᠢᠨ ᠨᠣᠷᠮ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠪᠢᠳᠡ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠢ ᠵᠢᠯᠤᠭᠤᠳᠴᠤ ᠪᠠᠶᠢᠭᠠᠳ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠤᠰᠢᠶᠠᠨ ᠬᠠᠳᠠᠭᠠᠯᠠᠭᠤᠯᠤᠭᠴᠢ ᠬᠠᠮᠤᠭ ᠤᠨ ᠲᠡᠷᠢᠭᠦᠨ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠬᠦ ᠶᠢ ᠦᠨᠡᠨ ᠬᠦ ᠪᠠᠲᠤᠯᠠᠨ᠎ᠠ᠃            ᠭᠤᠷᠪᠠ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ᠂ ᠴᠠᠯᠢᠩ ᠤᠨ ᠣᠷᠣᠯᠭ᠎ᠠ ᠶᠢᠨ ᠣᠯᠠᠨ ᠲᠦᠮᠡᠨ ᠤ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠲᠠᠯ᠎ᠠ ᠪᠠᠷ᠂ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠥᠩᠭᠦ ᠨᠢᠭᠡᠨᠲᠡ ᠴᠢᠬᠤᠯᠠ ᠦᠢᠯᠡᠳᠦᠯ ᠦᠵᠡᠭᠦᠯᠪᠡ᠃ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠲᠤᠬᠠᠢ ᠶᠠᠷᠢᠭᠠᠳ ᠥᠭᠭᠦᠨᠦ︖            ᠣᠶᠢᠷ᠎ᠠ ᠶᠢᠨ ᠵᠢᠯ ᠤᠳ ᠲᠤ᠂ ᠪᠢᠳᠡ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠪᠠ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠠᠰᠠᠭᠤᠳᠠᠯ ᠢᠶᠠᠨ ᠰᠢᠢᠳᠪᠦᠷᠢᠯᠡᠬᠦ ᠶᠢ ᠳᠡᠮᠵᠢᠪᠡ᠃ ᠨᠢᠭᠡ ᠳᠤ᠂ ᠳᠡᠮᠵᠢᠬᠦ ᠡᠲᠡᠭᠡᠳ ᠤᠨ ᠭᠤᠣᠯᠳᠠᠯᠭ᠎ᠠ ᠶᠢ ᠳᠣᠪᠤᠶᠢᠯᠭᠠᠵᠤ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ᠂ ᠣᠯᠠᠨ ᠦᠷ᠎ᠡ ᠬᠡᠦᠬᠡᠳ ᠪᠦᠬᠦᠢ ᠭᠡᠷ ᠪᠦᠯᠢ ᠵᠡᠷᠭᠡ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠲᠡᠮᠵᠢᠪᠡ ᠃ ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠭᠡᠷ ᠪᠠᠶᠢᠰᠢᠩ ᠲᠦᠷᠢᠶᠡᠰᠦᠯᠡᠬᠦ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠭᠠᠷᠭᠠᠨ ᠠᠪᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠰᠠᠭᠤᠴᠠ ᠲᠦᠷᠢᠶᠡᠰᠦᠯᠡᠵᠦ ᠪᠠᠶᠢᠭ᠎ᠠ ᠣᠯᠠᠨ ᠦᠷ᠎ᠡ ᠬᠡᠦᠬᠡᠳ ᠲᠠᠢ ᠭᠡᠷ ᠪᠦᠯᠢ ᠶᠢᠨ ᠪᠣᠳᠠᠲᠠᠢ ᠭᠡᠷ ᠤᠨ ᠲᠦᠷᠢᠶᠡᠰᠦᠨ ᠵᠠᠷᠤᠯᠭ᠎ᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠭᠠᠷᠭᠠᠨ ᠠᠪᠬᠤ ᠶᠢ ᠳᠡᠮᠵᠢᠵᠦ ᠂ ᠲᠣᠮᠣ ᠬᠤᠲᠠ ᠶᠢᠨ ᠬᠢᠨ ᠤ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠰᠠᠷ᠎ᠠ ᠪᠦᠷᠢ ᠲᠤᠰᠢᠶᠠᠨ ᠬᠠᠳᠠᠭᠠᠯᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠪᠠᠨ ᠪᠦᠬᠦ ᠲᠤᠭ᠎ᠠ ᠪᠠᠷ ᠭᠠᠷᠭᠠᠨ ᠠᠪᠴᠤ ᠭᠡᠷ ᠤᠨ ᠲᠦᠷᠢᠶᠡᠰᠦ ᠪᠠᠨ ᠲᠥᠯᠥᠬᠦ ᠶᠢ ᠲᠡᠮᠵᠢᠪᠡ᠃ ᠠᠩᠬᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠤᠭᠰᠠᠨ ᠣᠯᠠᠨ ᠬᠡᠦᠬᠡᠳ ᠲᠠᠢ ᠭᠡᠷ ᠪᠦᠯᠢ ᠳᠤ ᠡᠯ᠎ᠡ ᠭᠠᠵᠠᠷ ᠤᠨ ᠬᠢᠨ ᠤ ᠪᠣᠳᠠᠲᠠᠢ ᠪᠠᠶᠢᠳᠠᠯ ᠢᠶᠠᠨ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠᠨ ᠳᠡᠭᠡᠭᠰᠢᠯᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ ᠣᠶᠢᠷ᠎ᠠ ᠶᠢᠨ ᠵᠢᠯ ᠤᠳ ᠲᠤ᠂ ᠣᠷᠣᠨ ᠰᠠᠭᠤᠴᠠ ᠲᠦᠷᠢᠶᠡᠰᠦᠯᠡᠬᠦ ᠳᠤ ᠭᠠᠷᠭᠠᠨ ᠠᠪᠬᠤ ᠵᠣᠭᠤᠰ ᠤᠨ ᠲᠤᠭ᠎ᠠ᠂ ᠬᠥᠮᠥᠨ ᠤ ᠲᠤᠭ᠎ᠠ ᠲᠦᠷᠭᠡᠨ ᠨᠡᠮᠡᠭᠳᠡᠵᠦ᠂ ᠵᠢᠯ ᠪᠦᠷᠢ 1500 ᠲᠦᠮᠡᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠲᠤᠰᠢᠶᠠᠨ ᠬᠠᠳᠠᠭᠠᠯᠠᠭᠤᠯᠬᠤ ᠬᠠᠮᠲᠤᠯᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠤᠨ ᠲᠦᠷᠢᠶᠡᠰᠦ ᠲᠤᠰᠢᠶᠠᠬᠤ ᠶᠢ ᠲᠡᠮᠵᠢᠪᠡ᠂ ᠡᠭᠦᠨ ᠳᠤ 40 ᠨᠠᠰᠤᠨ ᠠᠴᠠ ᠳᠣᠷᠣᠭᠰᠢᠬᠢ ᠵᠠᠯᠠᠭᠤᠴᠤᠳ ᠤᠨ ᠡᠵᠡᠯᠡᠬᠦ ᠬᠠᠷᠢᠴᠠᠯ ᠨᠢ 80% ᠶᠢ ᠳᠠᠪᠠᠪᠠ᠃ ᠬᠤᠶᠠᠷ ᠲᠤ᠂ ᠲᠤᠰᠢᠶᠠᠨ ᠬᠠᠳᠠᠭᠠᠯᠠᠭᠤᠯᠤᠭᠴᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠦᠷᠢᠶᠡᠰᠦᠯᠡᠬᠦ ᠬᠤᠳᠠᠯᠳᠤᠨ ᠠᠪᠬᠤ ᠶᠢ ᠲᠡᠮᠵᠢᠨ᠎ᠡ᠃ ᠲᠦᠷᠢᠶᠡᠰᠦᠯᠡᠬᠦ ᠬᠤᠳᠠᠯᠳᠤᠨ ᠠᠪᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠠᠵᠢᠯ ᠡᠬᠢᠯᠡᠭᠰᠡᠨ ᠠᠴᠠ ᠨᠠᠭᠠᠰᠢ᠂ ᠪᠢᠳᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠰᠤᠳᠤᠯᠵᠤ᠂ ᠴᠠᠯᠢᠩ ᠣᠯᠣᠭᠰᠠᠳ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠬᠤᠳᠠᠯᠳᠤᠨ ᠠᠪᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠪᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠳᠡᠮᠵᠢᠬᠦ ᠲᠠᠯ᠎ᠠ ᠪᠠᠷ᠂ ᠣᠷᠣᠨ ᠰᠠᠭᠤᠴᠠ ᠲᠦᠷᠢᠶᠡᠰᠦᠯᠡᠬᠦ ᠳᠤ ᠭᠠᠷᠭᠠᠨ ᠠᠪᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠰᠠᠭᠤᠴᠠ ᠲᠦᠷᠢᠶᠡᠰᠦᠯᠡᠬᠦ ᠳᠤ  ᠭᠠᠷᠭᠠᠨ ᠠᠪᠬᠤ ᠤᠳᠠᠭ᠎ᠠ ᠶᠢ ᠨᠡᠮᠡᠭᠳᠡᠭᠦᠯᠦᠨ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠵᠦ ᠪᠠᠶᠢᠭ᠎ᠠ ᠲᠤᠰᠢᠶᠠᠨ ᠬᠠᠳᠠᠭᠠᠯᠠᠭᠤᠯᠤᠭᠴᠢ ᠪᠣᠳᠠᠲᠠᠢ ᠭᠡᠷ ᠤᠨ ᠲᠦᠷᠢᠶᠡᠰᠦᠨ ᠵᠠᠷᠤᠯᠭ᠎ᠠ ᠶᠢᠨ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠶᠢ  ᠲᠡᠮᠵᠢᠪᠡ᠃ ᠬᠡᠰᠡᠭ ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠬᠢᠭᠡᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠡᠵᠡᠩᠨᠡᠯᠲᠡ ᠶᠢᠨ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠥᠷᠨᠢᠭᠦᠯᠵᠦ᠂ ᠲᠤᠰᠢᠶᠠᠨ ᠬᠠᠳᠠᠭᠠᠯᠠᠭᠤᠯᠤᠭᠴᠢ ᠳᠤ ᠲᠦᠷᠢᠶᠡᠰᠦᠨ ᠮᠥᠩᠭᠦ ᠶᠢᠨ ᠦᠨ᠎ᠡ ᠪᠠᠭᠤᠷᠠᠭᠤᠯᠬᠤ᠂ ᠪᠡᠷᠢᠴᠠᠭᠠᠨ ᠤ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠬᠦᠮ ᠦᠵᠡᠭᠦᠯᠵᠦ᠂ ᠲᠤᠰᠢᠶᠠᠨ ᠬᠠᠳᠠᠭᠠᠯᠠᠭᠤᠯᠤᠭᠴᠢ ᠶᠢᠨ ᠬᠦᠷᠢᠶᠡᠯᠡᠯ ᠢ ᠣᠯᠪᠠ᠃            ᠳᠥᠷᠪᠡ᠂ ᠤᠯᠠᠨ ᠲᠦᠮᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠪᠡᠯᠡ ᠮᠥᠩᠭᠦ ᠶᠢᠨ ᠠᠮᠤᠷ ᠲᠦᠪᠰᠢᠨ ᠢ ᠲᠤᠶᠢᠯ ᠢᠶᠠᠷ ᠬᠠᠯᠠᠮᠵᠢᠯᠠᠵᠤ ᠪᠠᠶᠢᠨ᠎ᠠ᠂ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠬᠦᠴᠦᠲᠡᠢ ᠠᠷᠭ᠎ᠠ ᠬᠡᠮᠵᠢᠶ᠎ᠡ ᠠᠪᠤᠭᠰᠠᠨ ᠪᠤᠢ︖ ᠡᠭᠦᠨ ᠤ ᠬᠠᠮᠲᠤ᠂ ᠲᠤᠰᠢᠶᠠᠨ ᠬᠠᠳᠠᠭᠠᠯᠠᠭᠤᠯᠤᠭᠴᠢ ᠳᠤ ᠬᠡᠷᠬᠢᠨ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠪᠣᠶ︖            ᠣᠶᠢᠷ᠎ᠠ ᠶᠢᠨ ᠵᠢᠯ ᠤᠳ ᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠡᠳ᠋ ᠬᠥᠷᠥᠩᠭᠡ ᠶᠢᠨ ᠶᠠᠰᠤ ᠴᠢᠨᠠᠷ ᠨᠢ ᠨᠡᠯᠢᠶᠡᠳ ᠰᠠᠶᠢᠨ᠂ ᠠᠮᠤᠷ ᠲᠦᠪᠰᠢᠨ ᠴᠢᠨᠠᠷ ᠨᠢ ᠨᠡᠯᠢᠶᠡᠳ ᠥᠨᠳᠥᠷ ᠪᠠᠶᠢᠨ᠎ᠠ᠃ ᠨᠢᠭᠡ ᠲᠠᠯ᠎ᠠ ᠪᠠᠷ ᠲᠤᠰᠢᠶᠠᠨ ᠬᠠᠳᠠᠭᠠᠯᠠᠭᠤᠯᠤᠭᠴᠢ ᠢᠲᠡᠭᠡᠮᠵᠢ ᠲᠠᠢ ᠪᠠᠶᠢᠵᠤ᠂ ᠨᠥᠭᠦᠭᠡ ᠲᠠᠯ᠎ᠠ ᠪᠠᠷ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂  ᠳᠦᠷᠢᠮᠵᠢᠯ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠭᠠᠵᠠᠷ ᠤᠨ ᠵᠢᠭᠡᠯᠡᠯᠭᠡ ᠶᠢᠨ ᠬᠠᠮᠢᠶᠠᠷᠤᠯᠲᠠ ᠪᠠ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢ ᠰᠢᠮᠳᠠᠭᠤᠯᠵᠤ᠂ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠤᠭᠤᠴᠠᠭ᠎ᠠ ᠬᠡᠲᠦᠷᠡᠬᠦ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠢᠭᠡᠯᠡᠯᠭᠡ ᠶᠢᠨ ᠬᠤᠭᠤᠴᠠᠭ᠎ᠠ ᠠᠴᠠ ᠬᠡᠲᠦᠷᠡᠭᠰᠡᠨ ᠨᠣᠷᠮ᠎ᠠ ᠶᠢ ᠢᠮᠠᠭᠲᠠ ᠨᠡᠯᠢᠶᠡᠳ ᠳᠣᠣᠷ᠎ᠠ ᠬᠢᠷᠢ ᠲᠦᠪᠰᠢᠨ ᠳᠤ ᠪᠠᠲᠤᠯᠠᠪᠠ᠃ ᠳᠤᠮᠳᠠᠳᠤ ᠤᠯᠤᠰ ᠤᠨ ᠠᠷᠠᠳ ᠤᠨ ᠪᠠᠩᠬᠢ ᠯᠤᠭ᠎ᠠ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠲᠤᠯᠭᠠᠭᠤᠷᠢᠯᠠᠯ ᠬᠠᠩᠭᠠᠪᠠ᠃ ︽ᠶᠠᠮᠤᠨ ᠮᠤᠵᠢ ᠬᠤᠲᠠ︾ ᠭᠤᠷᠪᠠᠨ ᠱᠠᠲᠤ ᠬᠤᠯᠪᠤᠭᠠᠯᠠᠨ ᠬᠥᠳᠡᠯᠦᠯᠴᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠵᠣᠯᠭᠠᠭᠤᠯᠤᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠲᠤᠰᠢᠶᠠᠨ ᠬᠠᠳᠠᠭᠠᠯᠠᠭᠤᠯᠤᠭᠴᠢ ᠶᠢᠨ ︽ᠵᠣᠭᠤᠰᠤᠨ ᠪᠣᠭᠴᠣ︾ ᠶᠢ ᠪᠠᠲᠤ ᠰᠠᠬᠢᠪᠠ᠃ ᠡᠭᠦᠨ ᠤ ᠬᠠᠮᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠲᠤᠭ᠎ᠠ ᠪᠠᠷᠢᠮᠲᠠ ᠶᠢ ᠰᠠᠯᠠᠭ᠎ᠠ ᠮᠥᠴᠢᠷ ᠠᠯᠤᠰᠯᠠᠨ᠂ ᠱᠠᠲᠤ ᠳᠠᠪᠬᠤᠷᠭ᠎ᠠ ᠠᠯᠤᠰᠯᠠᠨ᠂ ᠣᠷᠣᠨ ᠪᠦᠰᠡ ᠠᠯᠤᠰᠯᠠᠨ ᠬᠠᠮᠲᠤᠪᠠᠷ ᠡᠳ᠋ᠯᠡᠬᠦ ᠶᠢ ᠠᠬᠢᠭᠤᠯᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠡᠯ᠎ᠡ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠭᠤᠭᠴᠤᠭ᠎ᠠ ᠶᠢ ᠪᠠᠭᠠᠰᠬᠠᠬᠤ᠂ ᠨᠥᠬᠦᠴᠡᠯ ᠢ ᠪᠠᠭᠠᠰᠬᠠᠬᠤ᠂ ᠴᠠᠭ ᠢ ᠪᠣᠭᠤᠨᠢᠰᠬᠠᠬᠤ᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠵᠦ᠂ ᠨᠥᠬᠦᠴᠡᠯ ᠲᠠᠢ ᠭᠠᠵᠠᠷ ᠣᠷᠣᠨ ᠪᠠᠰᠠ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾  ᠶᠢ ᠪᠡᠶᠡᠯᠡᠭᠦᠯᠪᠡ᠃ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠪᠦᠰᠡ ᠠᠯᠤᠰᠯᠠᠭᠰᠠᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠮᠳᠠᠬᠢ ᠪᠠᠴᠢᠮ ᠪᠡᠷᠬᠡ ᠵᠣᠪᠠᠨᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠣᠨᠳᠣᠣ ᠭᠠᠵᠠᠷ ᠲᠤ ᠬᠠᠮᠵᠢᠯᠴᠠᠨ ᠭᠦᠢᠴᠡᠳᠬᠡᠬᠦ ᠶᠢ ᠠᠬᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠭᠡᠷᠡᠴᠢᠯᠡᠬᠦ ᠵᠦᠢᠯᠡᠰ ᠢ ︽ᠢᠯᠡ ᠪᠣᠯᠭᠠᠵᠤ ᠭᠦᠢᠴᠡᠳᠬᠡᠬᠦ︾᠂ 13 ᠵᠦᠢᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠡᠢ᠂ ᠡᠳᠡᠭᠡᠷ ᠠᠷᠭ᠎ᠠ ᠬᠡᠮᠵᠢᠶ᠎ᠡ ᠨᠢ ᠴᠥᠮ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯᠣᠨ᠎ᠠ᠃ ᠡᠨᠡ ᠵᠢᠯ ᠪᠠᠰᠠ ᠲᠥᠷᠥ ᠶᠢᠨ ᠶᠠᠪᠤᠳᠠᠯ ᠤᠨ ᠬᠤᠷᠢᠶᠠᠨ ᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ︾ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠬᠤᠯᠪᠣᠭᠳᠠᠬᠤ ᠠᠵᠢᠯ ᠤᠨ ᠡᠭᠦᠷᠭᠡ ᠶᠢ ᠢᠳᠡᠪᠬᠢᠲᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠠᠩ ᠰᠠᠶᠢᠨ ᠬᠦᠴᠦᠨ ᠨᠡᠮᠡᠷᠢᠯᠡᠨ᠎ᠡ᠃          ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号