ᠰᠠᠶᠢᠬᠠᠨ ᠲᠣᠭᠤᠷᠢᠭ 2024 ᠣᠨ ᠤ ᠪᠦᠬᠦ ᠠᠷᠠᠳ ᠤᠨ ᠰᠢᠮ᠎ᠡ ᠲᠡᠵᠢᠭᠡᠯ ᠤᠨ ᠭᠠᠷᠠᠭ ᠵᠢᠴᠢ ᠰᠤᠷᠤᠭᠴᠢᠳ ᠤᠨ ᠰᠢᠮ᠎ᠡ ᠲᠡᠵᠢᠭᠡᠯ ᠤᠨ ᠡᠳᠦᠷ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/5/22
       ᠵᠣᠬᠢᠰᠲᠠᠢ ᠬᠤᠭᠤᠯᠠ ᠤᠮᠳᠠᠭᠠᠨ ᠪᠠ ᠰᠤᠷᠤᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 16  ᠤ ᠡᠳᠦᠷ᠂ ᠰᠠᠶᠢᠬᠠᠨ ᠲᠣᠭᠤᠷᠢᠭ ᠤᠨ 2024 ᠣᠨ ᠤ ᠪᠦᠬᠦ ᠠᠷᠠᠳ ᠤᠨ ᠰᠢᠮ᠎ᠡ ᠲᠡᠵᠢᠭᠡᠯ ᠤᠨ ᠭᠠᠷᠠᠭ ᠵᠢᠴᠢ︽5 · 20︾ ᠤ ᠳᠤᠮᠳᠠᠳᠤ ᠤᠯᠤᠰ ᠤᠨ ᠰᠤᠷᠤᠭᠴᠢᠳ ᠤᠨ ᠰᠢᠮ᠎ᠡ ᠲᠡᠵᠢᠭᠡᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠲᠤ ᠶᠠᠪᠤᠭᠳᠠᠪᠠ᠃
        ᠲᠣᠰ ᠤᠳᠠᠭᠠᠨ ᠤ ᠠᠵᠢᠯᠯᠠᠭ᠎ᠠ ᠪᠦᠬᠦ ᠠᠷᠠᠳ᠂ ᠰᠤᠷᠤᠭᠴᠢᠳ ᠤᠨ ᠰᠢᠷ᠎ᠠ ᠪᠤᠷᠴᠠᠭ᠂ ᠦᠨᠢᠶᠡᠨ ᠰᠦ ᠶᠢ ᠰᠢᠩᠭᠡᠭᠡᠬᠦ ᠬᠡᠮᠵᠢᠶ᠎ᠡ ᠶᠢ ᠨᠡᠮᠡᠭᠳᠡᠭᠦᠯᠬᠦ ᠶᠢ ᠰᠠᠨᠠᠭᠠᠴᠢᠯᠠᠬᠤ ᠶᠢᠨ ᠬᠠᠮᠲᠤ ᠢᠳᠡᠰᠢᠨ ᠲᠣᠰᠣ ᠬᠡᠷᠡᠭᠯᠡᠬᠦ ᠶᠢ ᠵᠦᠢ ᠵᠣᠬᠢᠰᠲᠠᠢ ᠬᠢᠵᠠᠭᠠᠷᠯᠠᠵᠤ᠂ ᠨᠠᠩ ᠡᠷᠡᠭᠦᠯ ᠰᠠᠷᠠᠭᠤᠯ ᠰᠢᠮ᠎ᠡ ᠲᠡᠵᠢᠭᠡᠯ ᠤᠨ ᠢᠳᠡᠭᠡᠨ ᠤᠮᠳᠠᠭᠠᠨ ᠤ ᠪᠦᠲᠦᠴᠡ ᠶᠢ ᠪᠠᠶᠢᠭᠤᠯᠬᠤ ᠶᠢᠨ ᠲᠥᠯᠥᠭᠡ ᠶᠤᠮ᠃
         ᠡᠬᠢᠯᠡᠯᠲᠡ ᠶᠢᠨ ᠶᠣᠰᠣᠯᠠᠯ ᠳᠡᠭᠡᠷ᠎ᠡ᠂ ᠰᠠᠶᠢᠬᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠳ ᠰᠢᠮ᠎ᠡ ᠲᠡᠵᠢᠭᠡᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠸᠢᠳᠢᠤ᠋ ᠶᠢ ᠨᠡᠪᠲᠡᠷᠡᠭᠦᠯᠬᠦ ᠪᠠᠷ ᠳᠠᠮᠵᠢᠭᠤᠯᠤᠨ᠂ ᠰᠤᠷᠤᠭᠴᠢᠳ ᠤᠨ ᠢᠳᠡᠭᠡᠨ ᠤᠮᠳᠠᠭᠠᠨ ᠤ ᠪᠠᠷᠢᠮᠵᠢᠶ᠎ᠠ ᠵᠢᠴᠢ ᠣᠳᠣᠬᠠᠨ ᠤ ᠰᠤᠷᠤᠭᠴᠢᠳ ᠤᠨ ᠰᠢᠮ᠎ᠡ ᠲᠡᠵᠢᠭᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠵᠦᠢ ᠵᠣᠬᠢᠰᠲᠠᠢ ᠢᠳᠡᠭᠡᠨ ᠤᠮᠳᠠᠭᠠᠨ ᠪᠠ ᠡᠷᠡᠭᠦᠯ ᠮᠡᠨᠳᠦ ᠶᠢᠨ ᠬᠥᠳᠡᠯᠭᠡᠭᠡᠨ ᠢᠶᠠᠷ ᠳᠠᠮᠵᠢᠨ᠂︽ᠬᠤᠶᠠᠷ  ᠢ ᠲᠡᠩᠴᠡᠭᠦᠷᠢ ᠲᠠᠢ ᠪᠠᠶᠢᠯᠭᠠᠵᠤ᠂ ᠨᠢᠭᠡ ᠨᠠᠰᠤ ᠶᠢ ᠡᠷᠡᠭᠦᠯ ᠴᠢᠭᠢᠷᠠᠭ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠶᠢ ᠰᠠᠨᠠᠭᠠᠴᠢᠯᠠᠪᠠ᠃
         ᠣᠷᠣᠯᠴᠠᠭᠴᠢ ᠪᠠᠶᠠᠷ ᠬᠥᠷ ᠲᠠᠢ ᠪᠠᠷ ᠪᠠᠶᠢᠷᠢᠯᠠᠭᠤᠯᠤᠭᠰᠠᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠭᠰᠡᠨ ᠪᠥᠭᠡᠳ ᠡᠷᠡᠭᠦᠯ ᠮᠡᠨᠳᠦ ᠶᠢᠨ ᠳᠡᠯᠭᠡᠴᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ︽ᠪᠢᠳᠡ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠰᠢᠮ᠎ᠡ ᠲᠡᠵᠢᠭᠡᠯ ᠤᠨ ᠮᠡᠳᠡᠯᠭᠡ ᠶᠢᠨ ᠴᠢᠬᠤᠯᠠ ᠴᠢᠨᠠᠷ ᠢ ᠨᠡᠩ ᠣᠯᠠᠨ ᠬᠥᠮᠥᠨ ᠳᠤ ᠲᠠᠨᠢᠭᠤᠯᠬᠤ ᠶᠢᠨ ᠬᠠᠮᠲᠤ ᠲᠡᠭᠦᠨ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠡᠦᠬᠡᠳ ᠨᠢᠭᠡᠪᠦᠷᠢ ᠴᠥᠮ ᠡᠷᠡᠭᠦᠯ ᠴᠢᠭᠢᠷᠠᠭ᠂ ᠲᠡᠩᠴᠡᠭᠦᠷᠢᠲᠡᠢ ᠢᠳᠡᠭᠡᠨ ᠤᠮᠳᠠᠭᠠᠨ᠂ ᠡᠷᠡᠭᠦᠯ ᠴᠢᠭᠢᠷᠠᠭ ᠪᠡᠶ᠎ᠡ ᠮᠠᠬᠠᠪᠤᠳ ᠪᠠ ᠰᠠᠶᠢᠨ ᠰᠠᠶᠢᠬᠠᠨ ᠢᠷᠡᠭᠡᠳᠦᠢ ᠲᠠᠢ ᠪᠣᠯᠬᠤ ᠶᠢ ᠦᠨᠡᠨ ᠬᠦ ᠪᠠᠲᠤᠯᠠᠨ᠎ᠠ︾ ᠭᠡᠵᠦ ᠰᠠᠶᠢᠬᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠫᠧᠩ ᠰᠤᠷᠪᠤᠯᠵᠢᠯᠠᠭᠴᠢ ᠳᠤ ᠬᠡᠯᠡᠪᠡ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ  ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号