ᠰᠠᠶᠢᠬᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠵᠢᠴᠢ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
     ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ᠂ 5 ᠰᠠᠷ᠎ᠠ ᠶᠢᠨ 16 ᠤ ᠡᠳᠦᠷ᠂ ᠰᠠᠶᠢᠬᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠳᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠢᠴᠢ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠦᠭᠰᠡᠨ ᠨᠢ ᠪᠠᠭᠰᠢ ᠰᠤᠷᠤᠭᠴᠢᠳ ᠤᠨ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠶᠤᠯ ᠠᠴᠠ ᠪᠠᠴᠢᠮ ᠵᠠᠶᠢᠯᠠᠬᠤ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃      ᠲᠣᠰ ᠤᠳᠠᠭᠠᠨ ᠤ ᠠᠵᠢᠯᠯᠠᠭ᠎ᠠ ᠳᠤ ᠬᠥᠬᠡᠬᠤᠲᠠ ᠶᠢᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠲᠥᠪ ᠤᠨ ᠳᠡᠳ᠋ ᠡᠷᠬᠢᠯᠡᠭᠴᠢ ᠵᠠᠩ ᠢᠦᠢ ᠹᠧᠢ ᠶᠢ ᠣᠨᠴᠠ ᠤᠷᠢᠵᠤ ᠶᠠᠷᠢᠶᠠᠨ ᠤ ᠬᠦᠨᠳᠦᠲᠦ ᠵᠣᠴᠢᠨ ᠤ ᠲᠤᠰᠢᠶᠠᠯ ᠢ ᠡᠭᠦᠷᠭᠡᠯᠡᠪᠡ᠃ ᠪᠠᠶᠠᠯᠢᠭ ᠲᠤᠰᠬᠠᠢ ᠮᠡᠷᠭᠡᠵᠢᠯ ᠤᠨ ᠮᠡᠳᠡᠯᠭᠡ ᠪᠣᠯᠣᠨ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠶᠢᠨ ᠠᠷᠭ᠎ᠠ ᠬᠡᠯᠪᠡᠷᠢ ᠪᠠᠷ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠭᠠᠵᠠᠷ ᠬᠥᠳᠡᠯᠦᠯᠲᠡ ᠶᠢᠨ ᠰᠠᠭᠤᠷᠢ ᠮᠡᠳᠡᠯᠭᠡ ᠵᠢᠴᠢ ᠭᠡᠷ ᠪᠦᠯᠢ ᠪᠣᠯᠣᠨ ᠰᠤᠷᠭᠠᠭᠤᠯᠢ ᠶᠢᠨ ᠭᠠᠵᠠᠷ ᠬᠥᠳᠡᠯᠦᠯᠲᠡ ᠶᠢᠨ ᠭᠠᠮᠰᠢᠭ ᠢ ᠬᠡᠷᠬᠢᠨ ᠪᠦᠲᠦᠮᠵᠢᠲᠡᠢ ᠰᠡᠷᠭᠡᠶᠢᠯᠡᠬᠦ ᠲᠤᠬᠠᠢ ᠨᠠᠷᠢᠨ ᠲᠣᠳᠣᠷᠬᠠᠢ ᠥᠭᠦᠯᠡᠵᠦ᠂ ᠪᠠᠭᠰᠢ ᠰᠤᠷᠤᠭᠴᠢᠳ ᠲᠤ ᠪᠠᠲᠤ ᠪᠠᠬᠢ ᠤᠨᠤᠯ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠴᠡᠢ᠃            ᠳᠠᠷᠠᠭ᠎ᠠ ᠨᠢ᠂ ᠠᠮᠤᠷ ᠢ ᠬᠠᠮᠠᠭᠠᠯᠠᠬᠤ ᠠᠵᠢᠯᠲᠠᠨ ᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠳᠣᠣᠷ᠎ᠠ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠷᠢᠳᠴᠢᠯᠠᠨ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠶᠣᠰᠣᠭᠠᠷ᠂ ᠬᠢᠴᠢᠶᠡᠯ ᠤᠨ ᠭᠡᠷ ᠠᠴᠠ ᠠᠮᠤᠷ ᠲᠦᠪᠰᠢᠨ ᠤ ᠴᠤᠭᠯᠠᠷᠠᠯ ᠤᠨ ᠴᠢᠭ ᠬᠦᠷᠲᠡᠯᠡᠬᠢ ᠤᠬᠤᠷᠢᠨ ᠭᠠᠷᠬᠤ ᠶᠠᠪᠤᠴᠠ ᠶᠢ ᠦᠳᠲᠡᠷ ᠲᠦᠷᠭᠡᠨ ᠪᠥᠭᠡᠳ ᠡᠮᠬᠢ ᠵᠢᠷᠤᠮ ᠲᠠᠢ ᠪᠠᠷ ᠪᠡᠶᠡᠯᠡᠭᠦᠯᠪᠡ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠡᠮᠬᠢ ᠳᠢᠭᠯᠢᠮ ᠲᠠᠢ ᠪᠠᠶᠢᠵᠤ᠂ ᠪᠠᠭᠰᠢ ᠰᠤᠷᠤᠭᠴᠢᠳ ᠤᠨ ᠳᠡᠭᠡᠳᠦ ᠬᠡᠮᠵᠢᠶᠡᠨ ᠤ ᠠᠮᠤᠷ ᠲᠦᠪᠰᠢᠨ ᠤ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠢᠯᠡᠷᠡᠭᠦᠯᠪᠡ᠃              ᠲᠣᠰ ᠤᠳᠠᠭᠠᠨ ᠤ ᠠᠵᠢᠯᠯᠠᠭ᠎ᠠ ᠪᠠᠭᠰᠢ ᠰᠤᠷᠤᠭᠴᠢᠳ ᠤᠨ ᠭᠠᠵᠠᠷ ᠬᠥᠳᠡᠯᠦᠯᠲᠡ ᠶᠢᠨ ᠭᠠᠮᠰᠢᠭ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠪᠣᠳᠠᠲᠤ ᠳᠠᠶᠢᠨ ᠤ ᠳᠤᠮᠳᠠ ᠲᠡᠳᠡᠨ ᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号